ᠬᠦᠯᠡᠮᠵᠢ ᠪᠠᠨ ᠴᠠᠭ ᠲᠤᠬᠠᠶ ᠳᠤᠨᠢ ᠬᠤᠷᠢᠶᠠᠵᠤ᠂ ᠴᠢᠬᠢ ᠮᠣᠳᠣ ᠪᠠᠨ ᠴᠠᠭ ᠲᠤᠬᠠᠶ ᠳᠤᠨᠢ ᠪᠤᠶᠢᠵᠢᠭᠤᠯᠬᠤ | ᠬᠡᠷᠡᠭᠲᠡᠶ᠃ ᠣᠶᠢᠷ᠎ᠠ ᠳᠤ᠂ ᠰᠤᠷᠪᠤᠯᠵᠢᠯᠠᠭᠴᠢ ᠮᠠᠩᠬᠠᠨ ᠪᠠᠯᠭᠠᠰᠤᠨ ᠤ ᠳ᠋ᠦᠩ ᠭᠸᠤ ᠮᠧᠨ ᠲᠣᠰᠬᠤᠨ ᠤ ᠬᠠᠲᠠᠭᠤ | ᠬᠠᠯᠢᠰᠤᠲᠤ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠲᠤ ᠬᠦᠷᠴᠦ᠂ ᠮᠥᠷ ᠮᠥᠷ ᠲᠡᠷᠢ ᠲᠡᠭᠰᠢ | ᠬᠦᠯᠡᠮᠵᠢ ᠨᠦᠭᠦᠳ ᠢ ᠳᠡᠰ ᠳᠠᠷᠠᠭ᠎ᠠ ᠲᠠᠢ ᠪᠠᠷ ᠵᠢᠭᠰᠠᠭᠠᠵᠤ᠂ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ | ᠭᠠᠵᠠᠷ ᠤᠨ ᠬᠠᠷᠢᠭᠤᠴᠠᠯᠭᠠᠲᠠᠨ ᠰᠢᠤᠢ ᠶᠢᠩ ᠴᠦᠨ ᠶᠠᠭ ᠰᠠᠶᠢᠬᠠᠨ ᠭᠤᠸ᠎ᠠ ᠶᠢᠨ ᠴᠢᠬᠢ ᠶᠢᠨ ᠤᠷᠭᠤᠯᠲᠠ ᠶᠢᠨ | ᠪᠠᠶᠢᠳᠠᠯ ᠢ ᠨᠠᠷᠢᠨ ᠪᠠᠶᠢᠴᠠᠭᠠᠨ ᠦᠵᠡᠵᠦ ᠪᠠᠶᠢᠯ᠎ᠠ᠂ ᠣᠶᠢᠯᠠᠭᠠᠭᠰᠠᠨ ᠢᠶᠠᠷ᠂ ᠡᠨᠡ ᠬᠡᠳᠦᠨ ᠡᠳᠦᠷ ᠠᠵᠢᠯᠴᠢᠳ | ᠵᠠᠯᠭᠠᠯᠳᠤᠭ᠎ᠠ ᠪᠠᠷ ᠰᠠᠷᠠᠪᠴᠢ ᠪᠠᠷᠢᠬᠤ᠂ ᠪᠣᠷᠲᠣᠭᠤᠷ ᠣᠷᠣᠭᠤᠯᠬᠤ᠂ ᠴᠢᠬᠢ ᠪᠤᠶᠢᠵᠢᠭᠤᠯᠬᠤ ᠠᠵᠢᠯ ᠬᠢᠵᠦ | ᠳᠠᠭᠤᠰᠤᠭᠰᠠᠨ ᠤ ᠳᠠᠷᠠᠭᠠᠬᠢ ᠬᠠᠮᠤᠭ ᠤᠨ ᠵᠠᠩᠭᠢᠯᠠᠭ᠎ᠠ ᠶᠢᠨ ᠠᠵᠢᠯ ᠪᠣᠯ ᠬᠠᠮᠢᠶᠠᠷᠴᠤ ᠬᠠᠮᠠᠭᠠᠯᠠᠬᠤ ᠶᠠᠪᠤᠳᠠᠯ ᠪᠣᠯᠤᠨ᠎ᠠ | ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠬᠡᠷᠡᠯ ᠠᠪᠬᠤ᠂ ᠰᠠᠯᠬᠢ ᠨᠡᠪᠲᠡᠷᠡᠭᠦᠯᠬᠦ ᠶᠢ ᠴᠥᠮ ᠰᠠᠶᠢᠲᠤᠷ | ᠡᠵᠡᠮᠳᠡᠬᠦ ᠬᠡᠷᠡᠭᠲᠡᠶ᠂ ᠢᠩᠭᠢᠪᠡᠯ ᠰᠠᠶ᠋ᠢ ᠭᠤᠸ᠎ᠠ ᠶᠢᠨ ᠴᠢᠬᠢ ᠶᠢᠨ ᠦᠨᠳᠦᠰᠦ ᠶᠢᠨ ᠰᠢᠰᠲ᠋ᠧᠮ ᠬᠥᠭᠵᠢᠵᠦ᠂ ᠴᠢᠬᠢ | ᠳᠣᠷᠪᠢᠲᠠᠶ᠂ ᠡᠳᠡᠭᠡᠷᠡᠯᠲᠡ ᠶᠢᠨ ᠨᠣᠷᠮ᠎ᠠ ᠥᠨᠳᠥᠷ ᠪᠣᠯᠬᠤ ᠶᠢ ᠪᠠᠲᠤᠯᠠᠵᠤ ᠴᠢᠳᠠᠨ᠎ᠠ᠃ ᠬᠠᠰᠢᠷ ᠬᠥᠮᠦᠨ | ᠪᠣᠯᠤᠭᠰᠠᠨ ᠤ ᠬᠤᠪᠢ ᠳᠤ ᠰᠢᠦᠢ ᠶᠢᠩ ᠴᠦᠨ ᠰᠠᠶᠢᠨ ᠴᠢᠬᠢ ᠰᠠᠶ᠋ᠢ ᠰᠠᠶᠢᠨ ᠤᠨᠠᠯᠲᠠ ᠲᠠᠢ ᠭᠡᠳᠡᠭ ᠶᠣᠰᠣ ᠤᠴᠢᠷ ᠢ | ᠰᠠᠶᠢᠨ ᠮᠡᠳᠡᠵᠦ᠂ ᠲᠡᠷᠡ ᠪᠠᠷᠤᠭ ᠡᠳᠦᠷ ᠪᠦᠷᠢ ᠴᠢᠬᠢ ᠪᠤᠶᠢᠵᠢᠭᠤᠯᠬᠤ ᠬᠦᠯᠡᠮᠵᠢ ᠳᠤ ᠬᠦᠷᠴᠦ ᠭᠤᠸ᠎ᠠ ᠶᠢᠨ | ᠴᠢᠬᠢ ᠶᠢ ᠪᠠᠶᠢᠴᠠᠭᠠᠨ ᠦᠵᠡᠳᠡᠭ᠃ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ | ᠰᠢᠤᠢ ᠶᠢᠩ ᠴᠦᠨ᠄ ︽ᠪᠢᠳᠡ ᠳᠥᠷᠪᠡᠳᠦᠭᠡᠷ ᠰᠠᠷ᠎ᠠ ᠠᠴᠠ ᠡᠬᠢᠯᠡᠨ ᠲᠠᠷᠢᠶ᠎ᠠ ᠲᠠᠷᠢᠵᠤ᠂ ᠤᠳᠤ ᠪᠣᠯᠲᠠᠯ᠎ᠠ ᠨᠢᠭᠡᠨᠲᠡ | ᠲᠠᠷᠢᠭᠠᠳ ᠪᠠᠷᠠᠴᠢᠬᠠᠯ᠎ᠠ᠂ ᠡᠨᠡ ᠵᠢᠯ ᠪᠠᠰᠠ ᠰᠢᠨ᠎ᠡ ᠡᠭᠦᠯᠳᠡᠷ ᠣᠷᠣᠭᠤᠯᠵᠤ᠂ 152 ᠮᠦ ᠥᠷᠭᠡᠳᠬᠡᠨ ᠪᠠᠶᠢᠭᠤᠯᠵᠤ᠂ | ᠵᠢᠱᠢᠯᠲᠡ ᠪᠠᠷ 6 ᠰᠠᠷ᠎ᠠ ᠶᠢᠨ 20 ᠤ ᠡᠳᠦᠷ ᠪᠦᠬᠦᠨ ᠢ ᠲᠠᠷᠢᠵᠤ ᠳᠠᠭᠤᠰᠬᠠᠬᠤ ᠪᠠᠷ ᠪᠠᠶᠢᠨ᠎ᠠ᠂ ᠳᠤᠮᠳᠠᠴᠢ ᠪᠠᠷ | ᠡᠳᠦᠷ ᠪᠦᠷᠢ 50 ᠠᠵᠢᠯᠴᠢᠨ ᠬᠡᠷᠡᠭᠯᠡᠨ᠎ᠡ︾ ᠭᠡᠵᠦ ᠲᠠᠨᠢᠯᠴᠠᠭᠤᠯᠪᠠ᠃ | | | | | ᠳ᠋ᠦᠩ ᠭᠸᠤ ᠮᠧᠨ ᠲᠣᠰᠬᠤᠨ ᠨᠢ ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠲᠤᠰ | ᠭᠠᠵᠠᠷ ᠤᠨ ᠭᠠᠵᠠᠷ ᠤᠨ ᠪᠠᠶᠢᠴᠠ ᠨᠢ ᠲᠡᠭᠰᠢᠬᠡᠨ᠂ ᠵᠠᠮ ᠬᠠᠷᠢᠯᠴᠠᠭ᠎ᠠ ᠳᠥᠭᠦᠮ ᠳᠥᠲᠡ᠂ ᠵᠢᠯ ᠤᠨ ᠬᠤᠷᠠᠮᠳᠤᠯ | ᠳᠤᠯᠠᠭᠠᠨ ᠥᠨᠳᠥᠷ᠂ ᠬᠢᠷᠠᠭᠤ ᠦᠭᠡᠢ ᠬᠤᠭᠤᠴᠠᠭ᠎ᠠ ᠤᠷᠳᠤ᠂ ᠡᠯᠡᠰᠦᠷᠬᠡᠭ ᠬᠥᠷᠥᠰᠥ ᠰᠢᠷᠣᠢ ᠶᠢᠨ ᠪᠠᠶᠢᠭᠠᠯᠢ ᠶᠢᠨ | ᠨᠥᠬᠦᠴᠡᠯ ᠤᠨ ᠳᠠᠪᠠᠭᠤᠯᠢᠭ ᠲᠠᠢ᠂ ᠠᠮᠲᠠᠲᠤ ᠬᠡᠮᠬᠡ ᠲᠠᠷᠢᠪᠠᠯ ᠮᠦ ᠪᠦᠷᠢ ᠳᠤ ᠪᠠᠷᠤᠭ 4 ᠮᠢᠩᠭᠠᠨ ᠺᠢᠯᠣᠭ᠍ᠷᠠᠮ ᠤᠨ | ᠥᠨᠳᠥᠷ ᠤᠨᠠᠯᠲᠠ ᠲᠠᠢ ᠪᠠᠶᠢᠵᠤ᠂ ᠮᠦ ᠪᠦᠷᠢ ᠳᠤ ᠪᠠᠷᠤᠭ 2 ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠵᠤ᠂ | ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ | | | | | | ᠳ᠋ᠦ᠋ᠩ ᠭᠸᠤ ᠮᠧᠨ ᠲᠣᠰᠬᠤᠨ ᠨᠢ ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠮᠦ | ᠪᠦᠷᠢ ᠳᠤ 2 ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠵᠤ᠂ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ | ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ ᠪᠣᠯᠪᠠᠰᠤᠷᠠᠭᠰᠠᠨ ᠤ ᠳᠠᠷᠠᠭᠠᠬᠢ ᠬᠠᠲᠠᠭᠤ ᠬᠠᠯᠢᠰᠤ ᠲᠠᠢ ᠠᠮᠲᠠᠲᠤ | ᠬᠡᠮᠬᠡ ᠶᠢᠨ ᠠᠮᠲᠠ ᠨᠢ ᠵᠥᠭᠡᠯᠡᠨ ᠪᠠᠯ᠂ ᠠᠩᠬᠢᠯᠤᠮ᠎ᠠ ᠰᠠᠶᠢᠬᠠᠨ ᠦᠨᠦᠷ ᠲᠠᠢ᠂ ᠰᠢᠬᠢᠷᠯᠢᠭ ᠤᠨ ᠬᠡᠮᠵᠢᠶ᠎ᠡ ᠨᠢ | ᠲᠣᠬᠢᠷᠠᠮᠵᠢᠲᠠᠶ᠂ ᠰᠢᠮ᠎ᠡ ᠲᠡᠵᠢᠭᠡᠯ ᠡᠯᠪᠡᠭ᠂ ᠵᠢᠮᠢᠰ ᠤᠨ ᠮᠢᠬᠠᠨ ᠳᠤ ᠬᠥᠮᠦᠨ ᠤ ᠪᠡᠶ᠎ᠡ ᠳᠤ ᠬᠡᠷᠡᠭᠴᠡᠭᠡ ᠲᠠᠢ | ᠤᠭᠤᠷᠠᠭ᠂ ᠢᠳᠡᠭᠡᠨ ᠤ ᠰᠢᠷᠬᠡᠭᠯᠢᠭ᠂ ᠬᠤᠯᠤᠤᠪᠠᠩ ᠤᠨ ᠡᠳ᠋ ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ | ᠪᠦᠷᠢᠯᠳᠦᠬᠦᠨ ᠡᠯᠪᠡᠭ ᠠᠭᠤᠯᠤᠭᠳᠠᠵᠤ ᠪᠠᠶᠢᠳᠠᠭ᠃ ᠡᠭᠦᠨ ᠤ ᠳᠣᠲᠣᠷ᠎ᠠ ᠣᠯᠠᠨ ᠵᠦᠢᠯ ᠤᠨ ᠸᠢᠲ᠋ᠠᠮᠢᠨ ᠤ | ᠠᠭᠤᠯᠤᠭᠳᠠᠴᠠ ᠨᠢ ᠲᠠᠷᠪᠤᠰ ᠤᠨ ᠬᠢ ᠠᠴᠠ 4 ᠳᠠᠬᠢᠨ ᠥᠨᠳᠥᠷ᠂ ᠠᠯᠮᠤᠷᠠᠳ ᠤᠨ ᠬᠢ ᠠᠴᠠ 6 ᠳᠠᠬᠢᠨ ᠥᠨᠳᠥᠷ | ᠪᠠᠶᠢᠵᠤ᠂ ᠵᠣᠨ ᠤ ᠭᠠᠰᠢᠭᠤᠨ ᠪᠠ ᠢᠳᠡᠭᠡᠨ ᠤ ᠳᠤᠷᠠᠰᠢᠯ ᠮᠠᠭᠤᠳᠠᠬᠤ ᠶᠢ ᠰᠡᠷᠭᠡᠶᠢᠯᠡᠬᠦ ᠳᠤ ᠮᠠᠰᠢ ᠰᠠᠶᠢᠨ | ᠦᠢᠯᠡᠳᠦᠯ ᠲᠠᠢ ᠪᠠᠶᠢᠳᠠᠭ᠃ | | | | | ᠤᠢᠢᠷ᠎ᠠ ᠶᠢᠨ ᠵᠢᠯ ᠠᠴᠠ᠂ ᠮᠠᠩᠬᠠᠨ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠲᠠᠷᠢᠶᠠᠴᠢᠳ ᠢ ᠬᠦᠳᠦᠯᠦᠨ | ᠵᠢᠯᠣᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠤ ᠲᠦᠬᠦᠭᠡᠷᠦᠮᠵᠢᠳᠤ | ᠲᠠᠷᠢᠶᠠᠯᠠᠩ ᠢ ᠬᠥᠭᠵᠢᠭᠦᠯᠵᠦ᠂ ᠲᠠᠷᠢᠮᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠦᠬᠦᠭᠡᠷᠦᠮᠵᠢᠳᠤ | ᠲᠠᠷᠢᠶᠠᠯᠠᠩ ᠢ ᠦᠨᠡᠨᠬᠦ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠬᠦ ᠣᠷᠣᠯᠭ᠎ᠠ ᠶᠢ ᠨᠡᠮᠡᠭᠳᠡᠭᠦᠯᠬᠦ ᠰᠢᠨ᠎ᠡ | ᠬᠥᠳᠡᠯᠭᠡᠭᠦᠷ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ | ᠨᠡᠮᠡᠷᠢᠯᠡᠵᠡᠢ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |