ᠮᠠᠨ ᠤ ᠰᠢᠶᠠᠨ 2023 ᠣᠨ ᠤ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/12
  ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠮᠠᠨ ᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠤᠬᠠᠭᠤᠯᠬᠤ ᠪᠠ ᠳᠡᠯᠭᠡᠨ ᠦᠵᠡᠭᠦᠯᠵᠦ᠂ ᠪᠦᠬᠦ ᠨᠡᠶᠢᠭᠡᠮ ᠢᠶᠠᠷ ᠢᠶᠠᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ 6 ᠰᠠᠷ᠎ᠠ ᠶᠢᠨ 10 ᠤ ᠡᠳᠦᠷ᠂ ᠮᠠᠨ ᠤ ᠰᠢᠶᠠᠨ  ᠲᠠᠭ᠎ᠠ ᠶᠢᠨ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠳᠤ ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠᠨ ᠤ ᠰᠢᠶᠠᠨ ᠤ ᠮᠠᠰᠢ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠤᠨ ᠬᠢᠨ ᠤᠳᠤᠮᠰᠢᠯ ᠤᠨ ᠪᠤᠰᠤ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠪᠤᠢ᠃ ᠪᠥᠰ ᠤᠨ ᠨᠠᠭᠠᠮᠠᠯ ᠵᠢᠷᠤᠭ᠂ ᠴᠠᠭᠠᠰᠤᠨ ᠬᠠᠶᠢᠴᠢᠯᠠᠮᠠᠯ᠂ ᠬᠡᠦᠬᠡᠯᠳᠡᠢ᠂ ᠰᠢᠬᠢᠷᠲᠦ ᠵᠢᠷᠤᠭ ᠰᠢᠬᠢᠷᠲᠦ ᠦᠰᠦᠭ᠂ ᠥᠨᠳᠡᠭᠡᠨ ᠬᠠᠯᠢᠰᠤᠨ ᠰᠡᠶᠢᠯᠦᠮᠡᠯ ᠵᠡᠷᠭᠡ ᠦᠵᠡᠭᠦᠯᠦᠯᠭᠡ ᠶᠢᠨ ᠪᠣᠳᠠᠰ ᠡᠯᠪᠡᠭ ᠪᠠᠶᠠᠯᠢᠭ᠂ ᠬᠡᠯᠪᠡᠷᠢ ᠤᠯᠠᠨ ᠶᠠᠩᠵᠤ ᠶᠢᠨ ᠪᠠᠶᠢᠵᠤ᠂ ᠡᠯ᠎ᠡ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ ᠠᠴᠠ ᠲᠤᠬᠠᠢ ᠶᠢᠨ ᠲᠠᠯᠠᠪᠤᠷ ᠲᠤ ᠪᠠᠶᠢᠭᠰᠠᠨ ᠤᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠴᠢᠨᠠᠷ ᠢ ᠢᠳᠡᠪᠬᠢᠲᠡᠢ ᠲᠠᠶᠢᠯᠪᠤᠷᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠨᠢ ᠠᠷᠠᠳ ᠲᠦᠮᠡᠨ ᠤ ᠲᠥᠯᠥᠭᠡ ᠪᠠᠶᠢᠬᠤ᠂ ᠦᠷ᠎ᠡ ᠪᠦᠲᠦᠭᠡᠯ ᠢ ᠬᠠᠮᠠᠭᠠᠯᠠᠬᠤ᠂ ᠠᠷᠠᠳ ᠲᠦᠮᠡᠨ ᠬᠠᠮᠲᠤᠪᠠᠷ ᠡᠳ᠋ᠯᠡᠬᠦ ᠤᠢᠢᠯᠠᠭᠠᠭᠳᠠᠬᠤᠨ ᠢ ᠭᠦᠢᠴᠡᠳ ᠢᠯᠡᠷᠡᠭᠦᠯᠪᠡ᠃
   ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠭᠴᠢ  ᠹᠧᠩ ᠱᠧ ᠫᠢᠩ ᠬᠡᠯᠡᠬᠦ ᠳᠡᠭᠡᠨ᠄ ᠰᠢᠬᠢᠷ ᠵᠢᠷᠤᠭ ᠤᠨ ᠭᠠᠷ ᠤᠷᠠᠯᠠᠯ ᠪᠣᠯ ᠮᠠᠨ ᠤ ᠤᠯᠤᠰ ᠲᠤ ᠮᠠᠰᠢ ᠡᠷᠲᠡᠨ ᠤ ᠭᠠᠷ ᠤᠷᠠᠯᠠᠯ ᠶᠤᠮ᠂ ᠪᠢ 30 ᠭᠠᠷᠤᠶ ᠵᠢᠯ ᠠᠵᠢᠯᠯᠠᠵᠠᠶ᠂ ᠡᠨᠡ ᠬᠦ ᠠᠵᠢᠯᠯᠠᠭ᠎ᠠ ᠪᠠᠷ ᠳᠡᠮᠵᠢᠨ᠂ ᠪᠢ ᠤᠬᠠᠭᠤᠯᠬᠤ ᠪᠠ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠯᠠᠭᠤ ᠬᠥᠮᠦᠰ ᠲᠤ ᠰᠤᠷᠤᠯᠴᠠᠭᠤᠯᠬᠤ ᠶᠢ ᠬᠦᠰᠡᠵᠦ ᠪᠠᠶᠢᠨ᠎ᠠ ᠭᠡᠵᠡᠶ᠃
   ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠡᠲᠡᠭᠡᠷ ᠬᠤᠪᠣᠷ ᠨᠠᠨᠳᠢᠨ ᠡᠬᠢ ᠪᠠᠶᠠᠯᠢᠭ ᠢ ᠬᠠᠮᠠᠭᠠᠯᠠᠬᠤ ᠪᠠ ᠤᠯᠠᠮᠵᠢᠯᠠᠬᠤ ᠪᠠᠷ ᠬᠦᠴᠦᠯᠡᠨ ᠴᠢᠷᠮᠠᠶᠢᠵᠤ᠂ ᠨᠠᠩ ᠣᠯᠠᠨ ᠬᠥᠮᠦᠰ ᠲᠤ ᠮᠠᠨ ᠤ ᠰᠣᠶᠣᠯ ᠤᠨ ᠪᠠ ᠪᠠᠶᠢᠭᠠᠯᠢ ᠶᠢᠨ ᠥᠪ ᠢᠶᠠᠨ ᠲᠠᠨᠢᠭᠤᠯᠵᠤ᠂ ᠣᠶᠢᠯᠠᠭᠠᠭᠤᠯᠵᠤ᠂ ᠰᠠᠶᠢᠲᠤᠷ ᠬᠠᠮᠠᠭᠠᠯᠠᠭᠤᠯᠤᠨ᠎ᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2