ᠶᠦᠨ ᠫᠧᠩ ᠭᠠᠩ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2023/6/12
   6 ᠰᠠᠷ᠎ᠠ ᠶᠢᠨ 11 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ  ᠮᠠᠨ ᠤ ᠰᠢᠶᠠᠨ ᠳᠤ ᠬᠦᠷᠴᠦ ᠤᠯᠠᠭᠠᠨᠴᠠᠪ ᠤᠨ 150 ᠲᠦᠮᠡᠨ ᠺᠢᠯᠣᠸᠠᠲ ᠤᠨ ︽ᠥᠩᠭᠡ ᠦᠵᠡᠮᠵᠢᠳᠤ ᠭᠠᠯ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ︾ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ ᠤᠨ ᠲᠥᠷᠥᠯ  ᠵᠤᠶᠢᠯ ᠤᠨ ᠠᠬᠢᠴᠠ ᠶᠢᠨ ᠪᠠᠶᠢᠳᠠᠯ ᠪᠠ  ᠰᠦ ᠶᠢᠨ  ᠤᠶᠢᠯᠡᠰ ᠤᠨ ᠬᠥᠭᠵᠢᠯ ᠮᠠᠨᠳᠤᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠮᠠᠨ ᠤ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠣᠷᠣᠯᠴᠠᠵᠠᠢ᠃     ᠲᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠤᠨ 150 ᠲᠦᠮᠡᠨ ᠺᠢᠯᠣᠸᠠᠲ ᠤᠨ ︽ᠥᠩᠭᠡ  ᠦᠵᠡᠮᠵᠢᠳᠤ ᠭᠠᠯ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ︾ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠤᠨ ᠰᠠᠭᠤᠷᠢᠨ ᠭᠠᠵᠠᠷ ᠤᠨ ᠪᠠᠷᠢᠯᠭ᠎ᠠ ᠶᠢᠨ ᠲᠥᠷᠥᠯ ᠵᠦᠢᠯ ᠤᠨ ᠬᠡᠯᠲᠡᠰ ᠲᠤ᠂ ᠶᠦᠨ ᠫᠧᠩ ᠭᠠᠩ ᠲᠤᠬᠠᠢ ᠶᠢᠨ ᠲᠠᠯᠠᠪᠠᠢ ᠳᠤ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠭᠡᠷᠡᠯ ᠴᠡᠨᠡᠭ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠪᠣᠳᠠᠲᠠᠢ ᠠᠰᠠᠭᠤᠳᠠᠯ ᠢ ᠭᠦᠢᠴᠡᠳ ᠶᠠᠷᠢᠯᠴᠠᠵᠤ᠂ ᠰᠢᠢᠳᠪᠦᠷᠢᠯᠡᠬᠦ ᠰᠠᠨᠠᠭᠤᠯᠭ᠎ᠠ ᠳᠤᠷᠠᠳᠴᠠᠢ᠃     ᠬᠠᠢ ᠭᠤᠤ ᠲᠠᠪᠤᠳᠤᠭᠠᠷ ᠬᠤᠭᠤᠴᠠᠭᠠᠨ ᠳᠤ᠂ ᠶᠦᠨ ᠫᠧᠩ ᠭᠠᠩ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ   ᠬᠡᠪᠴᠢᠶ᠎ᠡ᠂ ᠰᠦᠨ ᠤ ᠭᠠᠷᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠬᠡᠯᠡᠬᠦ ᠳᠡᠭᠡᠨ᠂ ᠲᠣᠰ ᠪᠡᠶ᠎ᠡ ᠶᠢᠨ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ᠂ ᠠᠵᠤ  ᠤᠶᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂  ᠰᠦ ᠶᠢᠨ ᠤᠶᠢᠯᠡᠰ ᠤᠨ ᠬᠥᠭᠵᠢᠯᠲᠡ ᠶᠢᠨ ᠠᠯᠬᠤᠴᠠ ᠶᠢ ᠲᠠᠰᠤᠷᠠᠯᠲᠠ ᠥᠬᠡᠶ ᠲᠦᠷᠭᠡᠳᠬᠡᠵᠦ᠂ ᠰᠦ ᠶᠢᠨ ᠤᠶᠢᠯᠡᠰ ᠤᠨ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠵᠡᠶ᠃                                            ᠨᠠᠶᠢᠷᠠᠭᠤᠯᠤᠭᠴᠢ᠄   ᠶᠠᠩ  ᠿᠦᠢ ᠵᠧᠨ                                            ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2