ᠮᠠᠨ ᠤ ᠰᠢᠶᠠᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ 6 · 16 ᠤ ᠤᠬᠠᠭᠤᠯᠭ᠎ᠠ ᠯᠠᠪᠯᠠᠯᠭ᠎ᠠ ᠶᠢᠨ ᠡᠳᠦᠷ ᠵᠢᠴᠢ ᠠᠶᠤᠯᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/6/17
   ᠡᠨᠡ ᠵᠢᠯ ᠤᠨ 6 ᠰᠠᠷ᠎ᠠ ᠪᠣᠯ ᠪᠦᠬᠦ ᠤᠯᠤᠰ ᠤᠨ ᠬᠤᠷᠢᠨ ᠬᠤᠶᠠᠳᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ 6 ᠰᠠᠷ᠎ᠠ ᠶᠢᠨ 16 ᠤ ᠡᠳᠦᠷ᠂ ᠮᠠᠨ ᠤ ᠰᠢᠶᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠪᠡᠯ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠪᠠᠷ ᠭᠤᠣᠯ ᠰᠡᠳᠦᠪ ᠪᠣᠯᠭᠠᠭᠰᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ 6 · 16 ᠤ ᠤᠬᠠᠭᠤᠯᠭ᠎ᠠ ᠯᠠᠪᠯᠠᠭ᠎ᠠ ᠥᠭᠬᠦ ᠡᠳᠦᠷ ᠵᠢᠴᠢ ᠠᠶᠤᠯᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠡᠢ
     ᠠᠵᠢᠯᠯᠠᠭ᠎ᠠ ᠶᠢᠨ ᠬᠤᠭᠤᠴᠠᠭᠠᠨ ᠳᠤ᠂ ᠲᠤᠬᠠᠶ ᠶᠢᠨ ᠲᠠᠯᠠᠪᠠᠶ ᠳᠤ ᠯᠢᠶᠠᠩᠴᠧᠩ ᠰᠢᠶᠠᠨ ᠤ ᠵᠢᠲ᠋ᠦ᠋ᠩ ᠤᠨ ᠨᠢᠭᠡᠳᠦᠭᠡᠷ ᠲᠣᠰᠣ ᠨᠡᠮᠡᠬᠦ ᠬᠡᠢ ᠨᠡᠮᠡᠬᠦ ᠥᠷᠲᠡᠭᠡᠨ ᠤ LNG ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠤᠷᠢᠨ ᠦᠵᠡᠵᠦ᠂ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠶᠢᠨ ᠡᠯᠭᠦᠭᠡ ᠵᠢᠷᠤᠭ ᠲᠠᠯᠪᠢᠬᠤ᠂ ᠲᠤᠬᠠᠢ ᠶᠢᠨ ᠲᠠᠯᠠᠪᠠᠢ ᠶᠢᠨ ᠯᠠᠪᠯᠠᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠦᠷᠦ ᠶᠢᠨ ᠪᠤᠳᠤᠯᠭ᠎ᠠ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠵᠡᠷᠭᠡ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠳᠠ ᠪᠠᠯᠭᠠᠰᠤᠨ ᠤ ᠰᠢᠲᠠᠮᠠᠬᠠᠢ ᠬᠡᠢ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠶᠡᠷᠦ ᠶᠢᠨ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ ᠥᠭᠴᠡᠢ᠃
   ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠠᠮᠤᠷ ᠲᠦᠪᠰᠢᠨ ᠤ ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠭᠦᠨ ᠤ ᠤᠯᠠᠮ ᠠᠴᠠ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠮᠤᠷ ᠲᠦᠪᠰᠢᠨ ᠢᠶᠠᠷ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠠᠮᠤᠷ ᠲᠦᠪᠰᠢᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
     ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ᠂ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠢᠵᠡᠶ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2