ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/20
 6 ᠰᠠᠷ᠎ᠠ ᠶᠢᠨ 19 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 6 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠶᠢᠨ ᠬᠠᠮᠲᠤ  ᠴᠦᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠥᠪᠥᠷ ᠮᠣᠩᠭᠤᠯ ᠳᠤ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢ ᠰᠤᠷᠤᠯᠴᠠᠨ ᠲᠤᠤᠱᠯᠠᠭᠤᠯᠬᠤ ᠪᠠ ᠴᠦᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠨᠢ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠭᠦᠢᠴᠡᠳ ᠨᠤᠲᠠᠯᠠᠵᠤ ᠪᠠᠶᠢᠭ᠎ᠠ ᠶᠠᠪᠤᠳᠠᠯ ᠪᠣᠯᠤᠨ᠎ᠠ᠂ ᠥᠪᠥᠷ ᠮᠣᠩᠭᠤᠯ ᠤᠨ ᠺᠠᠳ᠋ᠷ ᠤᠯᠠᠨ ᠲᠦᠮᠡᠨ ᠢ ᠭᠦᠢᠴᠡᠳ ᠢᠲᠡᠭᠡᠵᠦ ᠬᠠᠯᠠᠮᠵᠢᠯᠠᠵᠤ ᠪᠠᠶᠢᠭ᠎ᠠ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠪᠡᠯᠭᠡ ᠲᠡᠮᠳᠡᠭ ᠤᠨ ᠴᠢᠨᠠᠷᠲᠠᠶ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠭᠦᠨᠵᠡᠭᠡᠶ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠦᠭᠡ ᠦᠰᠦᠭ ᠳᠠᠷᠠᠭᠠᠯᠠᠨ ᠰᠤᠷᠤᠯᠴᠠᠵᠤ᠂ ᠨᠡᠪᠲᠡᠷᠡᠲᠡᠯ᠎ᠡ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠡᠷᠡᠰ ᠨᠢᠭᠡᠳᠦᠭᠦᠯᠵᠦ᠂ ᠶᠡᠷᠦᠩᠬᠡᠶ ᠱᠦᠵᠢ ᠰᠢ ᠶᠢᠨ ᠫᠢᠩ ᠤ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠶ᠃ ᠢᠯᠠᠩᠭᠤᠶ᠎ᠠ ᠲᠠᠭᠠᠨ ᠤ ᠲᠠᠯᠠᠢ ᠶᠢᠨ ᠤᠰᠤᠨ ᠤ ᠠᠮᠢ ᠠᠬᠤᠢ ᠶᠢᠨ ᠵᠠᠰᠠᠯᠲᠠ ᠶᠢᠨ ᠠᠵᠢᠯ ᠳᠤᠮᠳᠠ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠠᠴᠠ ᠴᠢᠭᠯᠡᠯ ᠢᠶᠠᠨ ᠵᠥᠪ ᠣᠯᠵᠤ᠂ ᠬᠠᠷᠠᠯᠲᠠ ᠪᠠᠨ ᠣᠯᠵᠤ᠂ ᠠᠷᠭ᠎ᠠ ᠪᠠᠨ ᠣᠯᠵᠤ᠂ ᠠᠷᠭ᠎ᠠ ᠬᠡᠮᠵᠢ᠊ ᠡᠶ᠎ᠡ ᠪᠠᠨ ᠣᠯᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠳᠤᠬᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠸᠠᠩ ᠵᠢᠶᠦ᠋ᠨ ᠶᠦᠩ᠂ ᠶᠠᠩ ᠬᠤᠩ᠂ ᠵᠠᠢ ᠵᠢᠢ ᠴᠢᠩ᠂ ᠪᠠᠢ ᠯᠢ ᠵᠢᠶᠦ᠋ᠨ ᠬᠤᠷᠠᠯ ᠳᠤ ᠣᠷᠣᠯᠴᠠᠪᠠ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2