6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 19 ᠳ᠋ᠦᠭᠡᠷ ᠤᠳᠠᠭᠠᠨ ᠤ ᠬᠤᠷᠠᠯ ᠵᠢᠴᠢ ᠰᠢᠶᠠᠨ ᠤ | ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ᠂ | ᠰᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠰᠢᠶᠠᠨ ᠤ ᠨᠠᠮ ᠤᠨ ᠬᠤᠷᠢᠶᠠᠨ ᠤ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ | ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠦᠨ ᠱᠤᠤ ᠴᠧᠩ ᠤᠨ ᠪᠦᠬᠦ ᠣᠷᠣᠨ ᠤ | ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠬᠦ᠂ ᠠᠷᠢᠭᠤᠨ ᠴᠡᠪᠡᠷ ᠢᠶᠠᠷ ᠳᠤᠯᠠᠭᠠᠯᠠᠬᠤ ᠲᠦᠷᠦᠯ ᠵᠦᠢᠯ ᠢ ᠠᠬᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ ᠬᠤᠯᠪᠣᠭᠳᠠᠯ ᠪᠦᠬᠦᠢ ᠲᠥᠰᠦᠯ᠂ ᠨᠠᠷᠢᠨ ᠲᠦᠷᠢᠮ᠂ | ᠭᠤᠣᠯᠳᠠᠯᠭ᠎ᠠ ᠵᠡᠷᠭᠡ ᠶᠢ ᠬᠢᠨᠠᠨ ᠵᠥᠪᠯᠡᠨ᠎ᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠵᠣᠣ ᠵᠢᠶᠠᠨ ᠵᠢᠶᠦ᠋ᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ | ᠰᠤᠯᠠ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ | ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠢᠮᠠᠭᠲᠠ | ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠰᠤᠷᠭᠠᠨ ᠬᠥᠮᠦᠵᠢᠯ ᠤᠨ | ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠭᠰᠢ ᠶᠢᠨ | ᠡᠩᠨᠡᠭᠡᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠣᠯᠤᠨ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ | ᠪᠠᠶᠢᠩᠭᠤ ᠠᠳᠬᠤᠵᠤ᠂ ᠪᠠᠭᠰᠢ ᠶᠢᠨ ᠡᠩᠨᠡᠭᠡᠨ ᠤ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠬᠤᠭ ᠨᠣᠪᠰᠢ ᠶᠢ ᠰᠢᠢᠳᠪᠤᠷᠢᠯᠡᠬᠦ᠂ ᠭᠤᠤᠯ ᠤᠨ ᠵᠠᠮ ᠢ ᠵᠠᠰᠠᠬᠤ᠂ ᠰᠤᠯᠠ ᠪᠤᠯᠠᠵᠤ ᠳᠤᠷ᠎ᠠ ᠪᠠᠷ ᠢᠶᠠᠨ | ᠣᠷᠣᠰᠢᠭᠤᠯᠬᠤ ᠶᠢ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠱᠠᠲᠤ ᠱᠠᠲᠤ ᠪᠠᠷ ᠳᠠᠷᠤᠯᠲᠠ ᠥᠭᠴᠦ᠂ ᠮᠠᠨ ᠤ ᠰᠢᠶᠠᠨ ᠤ ᠬᠤᠲᠠ | ᠬᠥᠳᠡᠭᠡ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ᠬᠤᠷᠠᠯ ᠤᠨ ᠱᠠᠭᠠᠷᠳᠠᠯᠭ᠎ᠠ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ | ᠠᠷᠭᠠᠴᠠᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠳ᠋ ᠪᠣᠳᠠᠰ ᠢ ᠭᠦᠢᠴᠡᠳ ᠪᠡᠯᠡᠳᠬᠡᠵᠦ᠂ ᠭᠠᠮᠰᠢᠭ ᠤᠨ ᠪᠠᠶᠢᠳᠠᠯ᠂ ᠠᠶᠤᠯ ᠤᠨ ᠪᠠᠶᠢᠳᠠᠯ ᠡᠭᠦᠰᠬᠦ ᠦᠶ᠎ᠡ ᠳᠤ | ᠬᠦᠴᠦᠨ ᠢᠶᠠᠨ ᠦᠳᠲᠡᠷ ᠲᠦᠷᠭᠡᠨ ᠲᠥᠪᠯᠡᠷᠡᠭᠦᠯᠦᠨ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠴᠠᠭ ᠠᠭᠤᠷ ᠤᠨ ᠲᠤᠪᠴᠢᠶ᠎ᠠ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠬᠢᠨᠠᠨ ᠠᠵᠢᠭᠯᠠᠵᠤ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠶᠢᠯ ᠲᠣᠰᠬᠤᠨ᠂ ᠵᠠᠮ᠂ ᠭᠡᠷ ᠪᠠᠶᠢᠰᠢᠩ᠂ ᠪᠠᠷᠢᠯᠭ᠎ᠠ ᠶᠢᠨ ᠭᠠᠵᠠᠷ᠂ ᠭᠤᠣᠯ ᠤᠨ ᠵᠠᠮ ᠤᠨ ᠰᠠᠭᠠᠳ ᠦᠭᠡᠢ | ᠨᠡᠪᠲᠡᠷᠡᠬᠦ ᠶᠢᠨ ᠠᠮᠤᠷ ᠲᠦᠪᠰᠢᠨ ᠢ ᠢᠳᠡᠪᠬᠢᠲᠡᠶ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠣᠨ ᠤ ᠠᠵᠢᠯ ᠤᠨ ᠬᠠᠷᠠᠯᠲᠠ | ᠡᠭᠦᠷᠭᠡ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ | ᠵᠢᠷᠤᠭ ᠢᠶᠠᠷ ᠪᠠᠶᠢᠯᠳᠤᠭᠠᠨ ᠬᠢᠵᠦ᠂ ᠡᠯ᠎ᠡ ᠵᠦᠶ᠋ᠯ ᠤᠨ ᠠᠵᠢᠯ ᠢ ᠲᠠᠰ ᠳᠠᠷᠠᠭᠠᠯᠠᠯ ᠲᠠᠢ ᠪᠠᠷ ᠠᠬᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠠᠷᠢᠭᠤᠨ ᠴᠡᠪᠡᠷ ᠢᠶᠠᠷ ᠳᠤᠯᠠᠭᠠᠯᠠᠬᠤ ᠲᠦᠷᠦᠯ ᠵᠦᠢᠯ ᠤᠨ ᠲᠠᠯ᠎ᠠ ᠪᠠᠷ᠂ ᠠᠬᠢᠴᠠ ᠶᠢ | ᠠᠳᠬᠤᠬᠤ ᠶᠢᠨ ᠬᠠᠮᠲᠤ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠪᠣᠭᠤᠮᠲᠠ ᠶᠢ ᠴᠢᠩᠭ᠎ᠠ ᠠᠳᠬᠤᠵᠤ᠂ ᠠᠷᠢᠭᠤᠨ ᠴᠡᠪᠡᠷ ᠢᠶᠠᠷ ᠳᠤᠯᠠᠭᠠᠯᠠᠬᠤ ᠲᠦᠷᠦᠯ ᠵᠦᠢᠯ ᠢ ᠪᠦᠬᠦ ᠬᠤᠳᠠ ᠶᠢᠨ | ᠬᠡᠪ ᠳᠠᠭᠤᠷᠢᠶᠠᠯ ᠤᠨ ᠢᠨᠵᠧᠨᠧᠷᠢᠩ᠂ ᠦᠯᠢᠭᠡᠷ ᠳᠠᠭᠤᠷᠢᠶᠠᠯ ᠤᠨ ᠢᠨᠵᠧᠨᠧᠷᠢᠩ ᠪᠣᠯᠭᠠᠬᠤ ᠶᠢ ᠪᠠᠲᠤᠯᠠᠬᠤ ᠬᠡᠷᠡᠭᠲᠡᠢ᠃ | | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |