ᠲᠢᠶᠠᠨᠵᠢᠨ ᠤ ᠭᠦᠸᠧ ᠲᠠᠢ ᠬᠤᠢ ᠲᠦᠩ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/6/20
  6 ᠰᠠᠷ᠎ᠠ ᠶᠢᠨ 17 ᠤ ᠡᠳᠦᠷ᠂ ᠲᠢᠶᠠᠨᠵᠢᠨ ᠤ ᠭᠦᠸᠧ ᠲᠠᠢ ᠬᠤᠢ ᠲᠦᠩ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠺᠦᠩ ᠹᠠᠨ‌‍ᠷᠦ ᠨᠡᠷ ᠮᠠᠨ ᠤ ᠰᠢᠶᠠᠨ ᠳᠤ ᠰᠢᠨᠵᠢᠯᠡᠨ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠸᠠᠩ ᠵᠢᠶᠦ᠋ᠨ ᠶᠦᠩ᠂ ᠹᠧᠩ ᠵᠢᠶᠦ᠋ᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
      ᠺᠦᠩ ᠹᠠᠨ ᠷᠦ ᠨᠡᠷ ᠤᠷᠢᠳ ᠬᠤᠵᠢᠳ  ᠮᠠᠩᠬᠠᠨ ᠠᠭᠤᠯᠠ ᠶᠢᠨ ᠡᠯ ᠯᠦᠩ ᠱᠢ ᠲᠠᠢ ᠤᠯᠤᠰ ᠤᠨ ᠤᠢ ᠰᠢᠭᠤᠢ ᠶᠢᠨ ᠴᠡᠴᠡᠷᠯᠢᠭ᠂ ᠵᠢᠷᠭᠤᠳᠤᠭᠠᠷ ᠰᠤᠮᠤ ᠪᠠᠯᠭᠠᠰᠤ ᠶᠢᠨ ᠨᠠᠢᠮᠠᠳᠤᠭᠠᠷ ᠰᠤᠮᠤ ᠲᠣᠰᠬᠤᠨ᠂ ᠲᠢᠶᠠᠨ ᠴᠧᠩ ᠤᠳᠤ ᠦᠶ᠎ᠡ ᠶᠢᠨ  ᠰᠦ ᠶᠢᠨ ᠦᠢᠯᠡᠰ ᠤᠨ ᠰᠠᠭᠤᠷᠢᠨ ᠭᠠᠵᠠᠷ᠂ ᠬᠠᠢ ᠭᠤᠤ ᠮᠠᠯ ᠠᠵᠤ ᠠᠬᠤᠢ ᠶᠢᠨ ᠳᠥᠷᠪᠡᠳᠦᠭᠡᠷ ᠬᠤᠭᠤᠴᠠᠭ᠎ᠠ᠂  ᠲᠠᠭ᠎ᠠ ᠶᠢᠨ ᠨᠠᠭᠤᠷ ᠪᠠᠯᠭᠠᠰᠤ ᠶᠢᠨ ᠭᠤᠷᠪᠠᠳᠤᠭᠠᠷ ᠰᠤᠮᠤ ᠲᠣᠰᠬᠤᠨ᠂  ᠲᠠᠭ᠎ᠠ ᠶᠢᠨ ᠨᠠᠭᠤᠷ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠳᠤ ᠬᠦᠷᠴᠦ᠂ ᠮᠠᠨ ᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠺᠦᠩ ᠹᠠᠨ ᠷᠦ᠂ ᠯᠢᠶᠠᠩᠴᠧᠩ ᠰᠢᠶᠠᠨ ᠤ ᠣᠷᠴᠢᠨ ᠲᠣᠭᠤᠷᠢᠨ ᠰᠠᠶᠢᠨ᠂ ᠡᠬᠢ ᠪᠠᠶᠠᠯᠢᠭ ᠡᠯᠪᠡᠭ ᠳᠡᠯᠪᠡᠭ᠂ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠂ ᠬᠤᠶᠠᠷ ᠲᠠᠯ᠎ᠠ ᠶᠢᠨ ᠬᠥᠭᠵᠢᠯᠲᠡ ᠶᠢᠨ ᠬᠡᠷᠡᠭᠴᠡᠭᠡ ᠪᠠᠷ ᠭᠤᠣᠯᠳᠠᠭᠤᠯᠵᠤ᠂ ᠬᠠᠮᠲᠤᠷᠠᠯᠴᠠᠭᠠᠨ ᠤ ᠭᠠᠷᠳᠠᠬᠤ ᠴᠡᠭ᠂ ᠲᠤᠬᠢᠷᠠᠯᠴᠠᠬᠤ ᠴᠡᠭ ᠢ ᠣᠨᠣᠪᠴᠢᠲᠠᠢ ᠣᠯᠵᠤ᠂ ᠲᠦᠷᠦᠯ ᠵᠦᠢᠯ ᠤᠨ ᠬᠠᠮᠲᠤᠷᠠᠯᠴᠠᠭ᠎ᠠ ᠶᠢ ᠡᠷᠲᠡᠬᠡᠨ ᠲᠤᠬᠢᠷᠠᠯᠴᠠᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2