ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠨᠢ | ᠥᠷᠭᠡᠨ ᠤᠯᠠᠨ ᠲᠦᠮᠡᠨ ᠤ ᠪᠤᠶᠠᠨ ᠬᠡᠰᠢᠭ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ᠂ | ᠠᠷᠠᠳ ᠤᠨ ᠰᠡᠳᠬᠢᠯ ᠤᠨ ᠴᠢᠬᠤᠯᠠ ᠢᠨᠵᠧᠨᠧᠷᠢᠩ ᠪᠠᠶᠢᠵᠤ᠂ ᠤᠯᠠᠨ ᠲᠦᠮᠡᠨ ᠤ ᠣᠷᠣᠨ ᠰᠠᠭᠤᠴᠠ ᠶᠢᠨ | ᠨᠥᠬᠦᠴᠡᠯ ᠢ ᠰᠠᠶᠢᠵᠢᠷᠠᠭᠤᠯᠬᠤ᠂ ᠬᠤᠳᠠ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠢᠨ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ | ᠲᠠᠰᠤᠷᠠᠯᠲᠠ ᠦᠭᠡᠢ ᠨᠡᠮᠡᠭᠳᠡᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠲᠡᠰ ᠳᠡᠪᠰᠢᠭᠦᠯᠵᠦ᠂ ᠤᠯᠠᠨ ᠲᠦᠮᠡᠨ ᠳᠤ ᠦᠨᠡᠨ ᠪᠣᠳᠠᠲᠠᠢ ᠠᠷᠠᠳ ᠤᠨ ᠠᠮᠢᠳᠤᠷᠠᠯ ᠤᠨ ᠠᠰᠢᠭ ᠲᠤᠰᠠ ᠶᠢ | ᠬᠦᠷᠲᠡᠭᠡᠵᠡᠢ᠃ | ᠣᠶᠢᠷ᠎ᠠ ᠳᠤ᠂ ᠯᠢᠶᠠᠩᠴᠧᠩ ᠰᠢᠶᠠᠨ ᠤ ᠠᠨ ᠺᠠᠩ ᠬᠡᠷ ᠣᠷᠣᠨ ︵ᠢᠵᠢ ᠪᠦᠷᠢᠨ ᠪᠤᠰᠤ︶ ᠬᠤᠲᠠ ᠶᠢᠨ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠵᠠᠰᠠᠬᠤ ᠪᠠᠲᠤᠯᠠᠭ᠎ᠠ ᠶᠢᠨ ᠣᠷᠣᠨ | ᠰᠠᠭᠤᠴᠠ ᠶᠢᠨ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠢᠵᠢ ᠪᠦᠷᠢᠳᠦᠭᠦᠯᠬᠦ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠤᠶᠢᠯᠡᠰ ᠤᠨ ᠲᠤᠬᠠᠶ ᠶᠢᠨ ᠲᠠᠯᠠᠪᠤᠷ ᠲᠤ᠂ ᠠᠵᠢᠯᠴᠢᠳ ᠶᠠᠭ | ᠡᠮᠬᠢ ᠴᠡᠭᠴᠡ ᠲᠠᠢ ᠠᠵᠢᠯᠯᠠᠵᠤ᠂ ᠲᠤᠬᠠᠶ ᠶᠢᠨ ᠲᠠᠯᠠᠪᠤᠷ ᠲᠤ ᠮᠠᠰᠢ ᠶᠠᠭᠠᠷᠠᠯᠲᠠᠶ ᠠᠵᠢᠯᠯᠠᠵᠤ ᠪᠠᠶᠢᠬᠤ ᠶᠢ | ᠰᠤᠷᠪᠤᠯᠵᠢᠯᠠᠭᠴᠢ ᠣᠯᠵᠤ ᠬᠠᠷᠠᠪᠠ᠃ ᠰᠠᠭᠤᠭᠠᠯᠢ ᠠᠷᠠᠳ ᠵᠠᠩ ᠮᠧᠢ ᠯᠢᠩ ᠤᠨ ᠭᠡᠷ ᠲᠤ᠂ ᠲᠡᠷᠡ ᠶᠠᠭ ᠶᠠᠭᠠᠷᠠᠯᠲᠠᠢ | ᠠᠵᠢᠯᠴᠢᠨ ᠪᠠᠭᠰᠢ ᠲᠠᠢ ᠬᠠᠨᠵᠤ ᠪᠠᠨ ᠨᠤᠷᠠᠭᠠᠵᠤ᠂ ᠶᠡᠭᠡ ᠳᠤᠯᠠᠭᠠᠯᠠᠭ᠎ᠠ ᠳᠤ ᠣᠷᠣᠭᠤᠯᠬᠤ ᠪᠠᠷ ᠪᠡᠯᠡᠳᠬᠡᠵᠦ᠂ ᠶᠡᠭᠡ | ᠳᠤᠯᠠᠭᠠᠯᠠᠭ᠎ᠠ ᠳᠤ ᠣᠷᠣᠭᠤᠯᠤᠭᠰᠠᠨ ᠤ ᠲᠠᠷᠠᠭ᠎ᠠ᠂ ᠨᠡᠭᠦᠷᠡᠰᠦᠲᠥ᠋ᠷᠥᠭᠴᠢ᠂ ᠵᠤᠤᠬ᠎ᠠ ᠰᠢᠲᠠᠭᠠᠬᠤ᠂ ᠬᠠᠨᠵᠤ ᠪᠠᠨ | ᠰᠢᠲᠠᠭᠠᠬᠤ ᠲᠡᠦᠬᠡ ᠪᠦᠷᠢᠮᠦᠰᠦᠨ ᠡᠴᠦᠰᠯᠡᠬᠦ ᠪᠣᠯᠤᠨ᠎ᠠ᠃ ᠲᠡᠷᠡ᠄ ︽ᠲᠦᠷᠦᠯ ᠵᠦᠢᠯ ᠤᠨ ᠥᠭᠡᠷᠡᠴᠢᠯᠡᠯᠲᠡ | ᠡᠬᠢᠯᠡᠭᠰᠡᠨ ᠠᠴᠠ ᠠᠪᠤᠭᠠᠳ ᠪᠢ ᠮᠠᠰᠢ ᠪᠠᠶᠠᠷᠯᠠᠪᠠ᠂ ᠡᠨᠡ ᠵᠢᠯ ᠤᠨ ᠡᠪᠦᠯ ᠪᠢᠳᠡ ᠠᠰᠠᠷ ᠲᠠᠭᠲᠤ ᠶᠢᠨ ᠬᠢ ᠲᠠᠢ | ᠠᠳᠠᠯᠢᠬᠠᠨ ᠲᠦᠭᠦᠮ ᠪᠣᠯᠬᠤ ᠶᠢ ᠪᠢ ᠮᠠᠰᠢ ᠬᠦᠰᠡᠵᠦ ᠪᠠᠶᠢᠨ᠎ᠠ︾ ᠭᠡᠵᠦ ᠪᠠᠶᠠᠷᠲᠠᠢ ᠪᠠᠷ ᠬᠡᠯᠡᠪᠡ᠃ | ᠯᠢᠶᠠᠩᠴᠧᠩ ᠰᠢᠶᠠᠨ ᠤ ᠠᠨ ᠺᠠᠩ ᠬᠡᠷ ᠣᠷᠣᠨ ︵ᠢᠵᠢ ᠪᠦᠷᠢᠨ ᠪᠤᠰᠤ︶ ᠬᠤᠲᠠ ᠶᠢᠨ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠵᠠᠰᠠᠬᠤ ᠪᠠᠲᠤᠯᠠᠭ᠎ᠠ ᠶᠢᠨ ᠣᠷᠣᠨ ᠰᠠᠭᠤᠴᠠ ᠶᠢᠨ | ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠤᠶᠢᠯ ᠢ ᠰᠢᠨᠬᠤᠸᠠ ᠵᠡᠭᠡᠯᠢ ᠠᠴᠠ ᠵᠡᠭᠦᠨᠰᠢ᠂ ᠰᠢᠨ ᠲᠠᠢ ᠵᠠᠮ ᠠᠴᠠ ᠤᠮᠠᠷᠠᠰᠢ᠂ | ᠱᠤᠨ ᠾᠧ ᠵᠠᠮ ᠠᠴᠠ ᠪᠠᠷᠠᠭᠤᠨᠰᠢ᠂ ᠴᠢᠩ ᠶᠠᠩ ᠵᠠᠮ ᠠᠴᠠ ᠡᠮᠦᠨᠡᠰᠢ ᠪᠠᠶᠢᠷᠢᠯᠠᠭᠤᠯᠵᠤ᠂ 1263 ᠡᠷᠦᠬᠡ ᠶᠢᠨ ᠬᠡᠷ | ᠪᠠᠶᠢᠰᠢᠩ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ᠂ ᠥᠭᠡᠷᠡᠴᠢᠯᠡᠨ ᠵᠠᠰᠠᠬᠤ ᠲᠠᠯᠠᠪᠠᠶ ᠨᠢ 398000 ᠲᠡᠭᠰᠢ | ᠳᠥᠷᠪᠡᠯᠵᠢᠨ ᠮᠧᠲᠷ ᠲᠤ ᠬᠦᠷᠴᠡᠶ᠃ ᠲᠣᠰ ᠲᠥᠷᠥᠯ ᠵᠤᠶᠢᠯ ᠢ ᠡᠨᠡ ᠵᠢᠯ ᠤᠨ 6 ᠰᠠᠷ᠎ᠠ ᠳᠤ ᠡᠬᠢᠯᠡᠨ ᠪᠠᠶᠢᠭᠤᠯᠵᠤ᠂ | ᠵᠢᠯ ᠤᠨ ᠡᠴᠦᠰ ᠲᠤ ᠳᠠᠭᠤᠰᠬᠠᠬᠤ ᠪᠠᠷ ᠲᠥᠯᠥᠪᠯᠡᠵᠦ ᠪᠣᠶ᠂ ᠣᠳᠣᠬᠠᠨ ᠳᠤ ᠥᠭᠡᠷᠡᠴᠢᠯᠡᠬᠦ ᠠᠵᠢᠯ ᠶᠠᠭ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ ᠰᠢᠶᠠᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠲᠥᠪ ᠤᠨ ᠠᠯᠪᠠᠨ ᠬᠡᠷ ᠤᠨ ᠡᠷᠬᠢᠯᠡᠭᠴᠢ ᠵᠠᠩ ᠷᠦᠢ ᠸᠧᠨ ᠲᠠᠨᠢᠯᠴᠠᠭᠤᠯᠬᠤ ᠳᠠᠭᠠᠨ᠂ ︽ᠯᠢᠶᠠᠩᠴᠧᠩ ᠰᠢᠶᠠᠨ ᠤ | ᠠᠨ ᠺᠠᠩ ᠬᠡᠷ ᠣᠷᠣᠨ ︵ᠢᠵᠢ ᠪᠦᠷᠢᠨ ᠪᠤᠰᠤ︶ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠢ ᠥᠭᠡᠷᠡᠴᠢᠯᠡᠨ ᠵᠠᠰᠠᠬᠤ ᠪᠠᠲᠤᠯᠠᠭ᠎ᠠ ᠶᠢᠨ ᠣᠷᠣᠨ ᠰᠠᠭᠤᠴᠠ ᠶᠢᠨ ᠬᠢᠮᠳᠠ ᠣᠷᠣᠨ ᠰᠠᠭᠤᠴᠠ ᠶᠢᠨ | ᠢᠨᠵᠧᠨᠧᠷᠢᠩ ᠨᠢ ᠵᠠᠮ ᠤᠨ ᠢᠨᠵᠧᠨᠧᠷᠢᠩ᠂ ᠬᠤᠭᠤᠯᠠᠶ ᠲᠣᠤᠷ ᠤᠨ ᠢᠨᠵᠧᠨᠧᠷᠢᠩ᠂ ᠪᠣᠬᠢᠷ ᠤᠰᠤᠨ ᠤ ᠢᠨᠵᠧᠨᠧᠷᠢᠩ | ᠂ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠥᠷᠲᠡᠭᠡ ᠪᠠ 12 ᠨᠡᠶᠢᠲᠡ ᠶᠢᠨ ᠵᠣᠷᠯᠣᠩ ᠳᠤ ᠬᠤᠯᠪᠣᠭᠳᠠᠵᠤ | ᠂ ᠨᠡᠶᠢᠲᠡ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠬᠢᠪᠠ᠃ ᠪᠢᠳᠡ ᠪᠠᠷᠢᠯᠭ᠎ᠠ ᠶᠢᠨ ᠠᠵᠢᠯ ᠤᠨ | ᠠᠬᠢᠴᠠ ᠪᠠᠨ ᠲᠦᠷᠭᠡᠳᠬᠡᠵᠦ᠂ ᠲᠥᠯᠥᠪᠯᠡᠭᠡ ᠶᠣᠰᠣᠭᠠᠷ ᠲᠥᠷᠥᠯ ᠵᠦᠶ᠋ᠯ ᠤᠨ ᠥᠭᠡᠷᠡᠴᠢᠯᠡᠯᠲᠡ ᠶᠢ ᠡᠷᠲᠡᠬᠡᠨ | ᠪᠡᠶᠡᠯᠡᠭᠦᠯᠵᠦ᠂ ᠲᠥᠷᠥᠯ ᠵᠤᠶᠢᠯ ᠢ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨ | ᠬᠦ ᠪᠠᠲᠤᠯᠠᠵᠤ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠪᠠᠲᠤᠯᠠᠵᠤ᠂ ᠣᠯᠠᠨ | ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠰᠠᠶᠢᠲᠤᠷ ᠬᠠᠩᠭᠠᠨ᠎ᠠ︾ ᠭᠡᠵᠡᠶ᠃ | ᠲᠥᠷᠥᠯ ᠵᠤᠶᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ | ᠳᠥᠭᠦᠮ ᠳᠥᠲᠡ ᠬᠠᠩᠭᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠦᠨ᠂ ︽ᠪᠠᠭ᠎ᠠ ᠥᠭᠡᠷᠡᠴᠢᠯᠡᠯᠲᠡ︾ ᠶᠢ ᠦᠨᠡᠨ ᠬᠦ ︽ᠠᠷᠠᠳ ᠤᠨ ᠶᠡᠭᠡ ᠠᠮᠢᠳᠤᠷᠠᠯ︾ ᠪᠣᠯᠭᠠᠭᠰᠠᠨ | ᠪᠠᠶᠢᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |