ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠵᠤ ᠰᠣᠶᠣᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ — ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠮᠠᠨ ᠤ ᠰᠢᠶᠠᠨ ᠳᠤ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/25
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢ ᠲᠠᠭᠤᠤᠷᠢᠯᠢᠬ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠣᠯᠠᠨ ᠲᠦᠮᠡᠨ ᠤ ᠰᠢ ᠦᠵᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠤᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠡᠰᠡᠭ ᠠᠷᠠᠳ ᠤᠨ ᠡᠵᠡᠩᠨᠡᠭᠰᠡᠨ ᠰᠢᠯᠢᠳᠡᠭ ᠵᠦᠴᠦᠭᠡ ᠶᠢᠨ ᠪᠦᠯᠬᠦᠮ ᠢ ᠬᠤᠳᠠᠯᠳᠤᠨ ᠠᠪᠴᠤ ᠬᠡᠰᠡᠭ ᠬᠤᠰᠢᠭᠤ ᠰᠢᠶᠠᠨ ᠳᠤ ᠭᠦᠨᠵᠡᠭᠡᠶᠢᠷᠡᠨ ︽ᠰᠢ ᠲᠠᠭᠤᠤᠷᠢᠯᠢᠬ ᠢ ᠬᠥᠳᠡᠭᠡ ᠲᠣᠰᠬᠤᠨ ᠳᠤ ᠣᠷᠣᠭᠤᠯᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
      ᠮᠠᠨ ᠤ ᠰᠢᠶᠠᠨ ᠤ ᠰᠢᠯᠢᠳᠡᠭ ᠠᠷᠠᠳ ᠠᠴᠠ ᠡᠵᠡᠩᠨᠡᠭᠰᠡᠨ ᠵᠦᠴᠦᠭᠡ ᠶᠢᠨ ᠪᠦᠯᠬᠦᠮ — ᠯᠢᠶᠠᠩᠴᠧᠩ ᠰᠢᠶᠠᠨ ᠤ ᠵᠠᠩ ᠹᠦ᠋ ᠱᠤᠸᠠᠨ ᠡᠯ ᠷᠧᠨ ᠲᠠᠢ ᠵᠦᠴᠦᠭᠡ ᠶᠢᠨ ᠪᠦᠯᠬᠦᠮ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠲᠤᠬᠢᠷᠠᠭᠤᠯᠭ᠎ᠠ ᠪᠠᠷ᠂ 6 ᠰᠠᠷ᠎ᠠ ᠶᠢᠨ 10᠎ ᠤ ᠡᠳᠦᠷ ᠠᠴᠠ ᠡᠬᠢᠯᠡᠨ ᠮᠠᠨ ᠤ ᠰᠢᠶᠠᠨ ᠤ ᠡᠯ᠎ᠡ ᠰᠢᠶᠠᠩ ᠪᠠᠯᠭᠠᠰᠤ ᠳᠤ ᠭᠦᠨᠵᠡᠭᠡᠶᠢᠷᠡᠨ 1 ᠰᠠᠷ᠎ᠠ ᠶᠢᠨ ᠬᠤᠭᠤᠴᠠᠭ᠎ᠠ ᠲᠠᠢ ᠰᠢ ᠵᠦᠴᠦᠭᠡ ᠶᠢᠨ ᠬᠥᠳᠡᠭᠡ ᠲᠣᠰᠬᠤᠨ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠵᠦ᠂ 20 ᠭᠠᠷᠤᠢ ᠤᠳᠠᠭ᠎ᠠ ᠲᠣᠭᠯᠠᠬᠤ ᠪᠠᠷ ᠲᠥᠯᠥᠪᠯᠡᠵᠡᠢ᠃
      ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢᠨ ᠠᠩᠬᠠᠨ ᠤ ᠥᠷᠲᠡᠭᠡ ᠯᠢᠶᠠᠩᠴᠧᠩ ᠰᠢᠶᠠᠨ ᠤ ᠾᠦᠩ ᠮᠤᠤ ᠪᠠᠯᠭᠠᠰᠤᠨ ᠤ ᠥᠭᠡᠷ᠎ᠡ ᠭᠠᠵᠠᠷ ᠲᠤ ᠨᠡᠭᠦᠳᠡᠯᠴᠢᠳ ᠢ ᠲᠥᠪᠬᠢᠨᠡᠭᠦᠯᠬᠦ ᠭᠠᠵᠠᠷ ᠤᠨ ᠦᠵᠡᠮᠵᠢ ᠪᠣᠯᠤᠨ ᠭᠡᠷ ᠣᠷᠣᠨ ᠤ ᠬᠥᠰᠢᠭᠡ ᠪᠠᠨ ᠰᠡᠬᠦᠵᠦ᠂ ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠣᠭᠯᠠᠯᠲᠠ ᠭᠠᠷᠭᠠᠬᠤ ᠪᠣᠯᠤᠨ᠎ᠠ᠂ ᠠᠵᠢᠯᠯᠠᠭ᠎ᠠ ᠶᠢᠨ ᠤᠯᠠ ᠮᠥᠷ ᠪᠦᠬᠦ ᠰᠢᠶᠠᠨ ᠳᠤ ᠲᠦᠭᠡᠵᠦ᠂ ᠪᠦᠬᠦ ᠰᠢᠶᠠᠨ ᠤ ᠡᠯ᠎ᠡ ᠭᠠᠵᠠᠷ ᠤᠨ ᠣᠯᠠᠨ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃
         ᠲᠣᠭᠯᠠᠭᠴᠢᠳ ᠤᠷᠠᠨ ᠳᠦᠷᠰᠦᠯᠢᠭ ᠲᠣᠭᠯᠠᠯᠲᠠ᠂ ᠪᠠᠶᠠᠯᠢᠭ ᠰᠠᠶᠢᠬᠠᠨ ᠲᠣᠭᠯᠠᠯᠲᠠ ᠨᠢ ᠦᠵᠡᠭᠴᠢᠳ ᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ᠠᠭᠤᠷ ᠠᠮᠢᠰᠬᠤᠯ ᠳᠤ ᠰᠣᠭᠲᠣᠭᠤᠷᠠᠭᠤᠯᠵᠤ᠂ ᠮᠠᠭᠲᠠᠨ ᠳᠠᠭᠤᠯᠠᠬᠤ᠂ ᠠᠯᠠᠭ᠎ᠠ ᠲᠠᠰᠢᠬᠤ ᠲᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠰᠣᠶᠣᠯ ᠤᠨ ᠲᠠᠪᠴᠠᠩ ᠢ ᠦᠨᠡᠨ ᠬᠦ ᠤᠯᠠᠨ ᠲᠦᠮᠡᠨ ᠤ ᠡᠭᠦᠳᠡᠨ ᠳᠤ ᠭᠠᠷᠭᠠᠵᠤ᠂ ᠤᠯᠠᠨ ᠲᠦᠮᠡᠨ ᠢ ᠦᠨᠡᠨ ᠬᠦ ᠥᠪᠡᠷ ᠤᠨ ᠡᠭᠦᠳᠡᠨ ᠳᠡᠭᠡᠷ᠎ᠡ ᠪᠠᠨ ᠰᠢ ᠵᠦᠴᠦᠭᠡ ᠶᠢᠨ ᠰᠢᠨᠤᠯ ᠲᠠᠢ ᠪᠣᠯᠭᠠᠵᠤ᠂ ᠣᠷᠣᠨ ᠨᠤᠲᠤᠭ ᠤᠨ ᠤᠯᠠᠮᠵᠢᠯᠠᠯᠲᠤ ᠰᠢ ᠵᠦᠴᠦᠭᠡ ᠶᠢᠨ ᠷᠢᠳᠢ ᠰᠢᠳᠢ ᠶᠢ ᠦᠢᠷ᠎ᠠ ᠵᠠᠶ ᠠᠴᠠ ᠮᠡᠳᠡᠷᠡᠭᠦᠯᠪᠡ᠃ ᠡᠶᠢᠮᠦᠷᠬᠦᠦ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠢ ᠳᠠᠭᠤᠯᠠᠬᠤ ᠬᠡᠯᠪᠡᠷᠢ ᠨᠢ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠣᠶᠣᠯ ᠤᠨ ᠬᠡᠪ ᠪᠣᠯᠪᠠᠰᠤᠷᠠᠯ ᠢ ᠠᠶᠠᠨᠳᠠᠭᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃
       ᠰᠢᠶᠠᠨ ᠤ ᠰᠣᠶᠣᠯ ᠪᠠ ᠵᠤᠭᠠᠴᠠᠯ ᠤᠨ  ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠄ ᠲᠤᠰ ᠤᠳᠠᠭ᠎ᠠ ᠶᠢᠨ ︽ᠰᠢ ᠵᠦᠴᠦᠭᠡ ᠶᠢ ᠬᠥᠳᠡᠭᠡ ᠪᠠᠭᠤᠯᠭᠠᠬᠤ︾ ᠠᠵᠢᠯᠯᠠᠭ᠎ᠠ ᠪᠠᠷ ᠳᠠᠮᠵᠢᠭᠤᠯᠤᠭᠰᠠᠨ ᠤ ᠵᠣᠷᠢᠯᠭ᠎ᠠ ᠨᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠳᠤ ᠨᠡᠶᠢᠴᠡᠭᠦᠯᠬᠦ᠂ ᠤᠯᠠᠨ ᠲᠦᠮᠡᠨ ᠲᠠᠢ ᠤᠢᠢᠷᠠᠳᠤᠯᠴᠠᠬᠤ ᠶᠢ ᠦᠨᠡᠨᠬᠦ ᠪᠡᠶᠡᠯᠡᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠡᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠪᠣᠯᠪᠠᠰᠤᠨ᠂ ᠡᠷᠡᠭᠦᠯ ᠴᠢᠭᠢᠷᠠᠭ᠂ ᠪᠠᠶᠠᠷ ᠪᠠᠶᠠᠰᠤᠯ ᠲᠠᠢ᠂ ᠡᠶ᠎ᠡ ᠵᠣᠬᠢᠴᠠᠩᠭᠤᠢ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ ᠭᠡᠵᠦ ᠲᠠᠨᠢᠯᠴᠠᠭᠤᠯᠪᠠ᠃                                   ᠨᠠᠶᠢᠷᠠᠭᠤᠯᠤᠭᠴᠢ᠄   ᠶᠠᠩ  ᠿᠦᠢ ᠵᠧᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2