ᠬᠤᠩ ᠮᠤᠤ ᠪᠠᠯᠭᠠᠰᠤ᠄ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ ᠠᠮᠢ ᠠᠬᠤᠶ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/6/25
     ᠰᠢ ᠶᠢᠨ ᠫᠢᠩ ᠶᠡᠷᠦᠩᠬᠡᠢ  ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠤ ᠪᠣᠳᠠᠲᠠᠢ ᠦᠢᠯᠡᠳᠦᠯᠭᠡ ᠶᠢ ᠦᠢᠯᠡᠳᠦᠯᠭᠡᠵᠢᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠩ ᠮᠤᠤ ᠪᠠᠯᠭᠠᠰᠤ ᠶᠢᠨ ᠬᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠬᠦᠴᠦᠲᠡᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠡᠢ᠃    ᠪᠦᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠩ ᠮᠤᠤ ᠪᠠᠯᠭᠠᠰᠤ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠮ ᠵᠠᠰᠠᠭ ᠤᠨ ᠭᠤᠣᠯ ᠤᠳᠤᠷᠢᠳᠤᠯᠭ᠎ᠠ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠵᠠᠰᠠᠭ ᠤᠨ ᠲᠣᠰᠬᠤᠨ ᠢ ᠳᠠᠭᠠᠭᠠᠴᠢᠯᠠᠨ ᠡᠯ᠎ᠡ ᠲᠣᠰᠬᠤᠨ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠢ ᠬᠡᠰᠡᠭ ᠬᠤᠪᠢᠶᠠᠨ ᠱᠠᠯᠠᠪᠳᠠᠭᠤᠯᠤᠨ ᠪᠠᠶᠢᠴᠠᠭᠠᠵᠤ᠂ ᠤᠢ ᠰᠢᠭᠤᠢ ᠶᠢᠨ ᠬᠠᠮᠠᠭᠠᠯᠠᠭᠴᠢ ᠶᠢ ᠬᠡᠰᠡᠭ ᠬᠤᠪᠢᠶᠠᠨ ᠬᠠᠷᠢᠭᠤᠴᠠᠬᠤ︾ ᠲᠦᠷᠪᠡᠨ ᠱᠠᠲᠤᠨ ᠤ ᠲᠣᠣᠷ ᠤᠨ ᠵᠢᠭᠰᠠᠭᠠᠯ ᠢ ᠵᠣᠬᠢᠶᠠᠨ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠡᠳᠬᠢᠯ ᠵᠢᠷᠦᠬᠡᠨ ᠳᠡᠭᠡᠨ ᠲᠠᠯᠪᠢᠵᠤ᠂ ᠭᠠᠷ ᠲᠠᠭᠠᠨ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠠᠢ᠃    ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠦᠴᠦᠲᠡᠶ ᠪᠥᠭᠡᠳ ᠡᠮᠬᠢ ᠳᠢᠭᠯᠢᠮ ᠲᠠᠢ ᠠᠬᠢᠭᠤᠯᠬᠤ ᠶᠢᠨ ᠲᠥᠯᠥᠭᠡ᠂ ᠬᠤᠩ ᠮᠤᠤ ᠪᠠᠯᠭᠠᠰᠤ ᠶᠢᠨ ᠬᠢᠨ ᠲᠣᠰᠬᠤᠨ ᠤ ︽ᠬᠤᠶᠠᠷ ᠵᠥᠪᠯᠡᠯ︾᠂ ᠣᠶ ᠬᠠᠮᠠᠭᠠᠯᠠᠭᠴᠢ ᠵᠡᠷᠭᠡ ᠶᠢ ᠵᠡᠷᠭᠡᠪᠡᠷ ᠵᠣᠬᠢᠶᠠᠨ ᠪᠠᠶᠢᠭᠤᠯᠵᠤ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠬᠠᠷᠢᠶᠠᠲᠤ ᠣᠷᠣᠨ ᠤ ᠲᠡᠵᠢᠭᠡᠨ ᠦᠷᠡᠵᠢᠭᠦᠯᠬᠦ ᠡᠷᠦᠬᠡ ᠳᠤ ᠭᠦᠨᠵᠡᠭᠡᠶᠢᠷᠡᠨ ᠡᠷᠦᠬᠡ ᠳᠠᠷᠠᠭᠠᠯᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠰᠢᠶᠠᠯᠠᠨ ᠲᠡᠵᠢᠭᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ᠂ ᠲᠣᠰᠬᠤᠨ ᠪᠣᠯᠭᠠᠨ ᠳᠤ ᠪᠦᠷᠢᠶ᠎ᠡ ᠳᠤᠤᠭᠠᠷᠭᠠᠬᠤ᠂ ᠲᠣᠰᠬᠤᠨ ᠤ ᠠᠷᠠᠳ ᠤᠨ ᠸᠢᠴᠠᠲ ᠤᠨ ᠰᠦᠷᠦᠭ ᠵᠡᠷᠭᠡ ᠠᠷᠭ᠎ᠠ ᠵᠠᠮ ᠢᠶᠠᠷ ᠳᠡᠮᠵᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠴᠢᠨ ᠲᠣᠭᠤᠷᠢᠨ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠰᠢᠶᠠᠯᠠᠨ ᠲᠡᠵᠢᠭᠡᠬᠦ ᠦᠵᠡᠯ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠬᠠᠮᠠᠭᠠᠯᠠᠨ᠎ᠠ᠃    ᠡᠭᠦᠨ ᠤ ᠬᠠᠮᠲᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠪᠦᠬᠦᠨ ᠢᠶᠠᠷ ᠢᠶᠠᠨ ᠳᠠᠭᠠᠭᠠᠴᠢᠯᠠᠭᠰᠠᠨ ᠲᠣᠰᠬᠤᠨ ᠳᠠᠭᠠᠨ ᠪᠠᠭᠤᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯᠯᠠᠭ᠎ᠠ ᠥᠷᠨᠢᠭᠦᠯᠵᠦ᠂ ᠲᠣᠭᠤᠷᠢᠨ ᠪᠠᠶᠢᠴᠠᠭᠠᠵᠤ ᠢᠳᠬᠠᠨ ᠬᠤᠷᠢᠭᠯᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠪᠠᠯᠭᠠᠰᠤᠨ ᠤ ᠬᠠᠤᠯᠢ ᠬᠡᠷᠡᠭᠵᠢᠭᠦᠯᠬᠦ  ᠲᠤᠪᠴᠢᠶ᠎ᠠ ᠶᠢᠨ ᠪᠦᠷᠢᠯᠳᠦᠬᠦᠨ ᠪᠦᠬᠦᠨ ᠢᠶᠠᠷ ᠢᠶᠠᠨ ᠬᠥᠳᠡᠯᠦᠯᠴᠡᠵᠦ᠂ ᠪᠦᠬᠦᠨ ᠢ ᠬᠠᠮᠤᠷᠴᠤ᠂ ᠥᠨᠴᠥᠭ ᠪᠤᠯᠤᠩ ᠦᠭᠡᠢ ᠲᠣᠭᠤᠷᠢᠨ ᠪᠠᠶᠢᠴᠠᠭᠠᠬᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠰᠠᠨᠠᠮᠰᠠᠷ ᠦᠭᠡᠢ ᠡᠭᠦᠰᠦᠭᠰᠡᠨ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠢᠳᠬᠠᠨ ᠬᠤᠷᠢᠭᠯᠠᠵᠤ᠂ ᠰᠤᠷᠭᠠᠨ ᠬᠥᠮᠦᠵᠢᠭᠦᠯᠵᠦ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠪᠠᠶᠢᠩᠭᠤ ᠶᠢᠨ ᠴᠢᠨᠠᠷᠲᠠᠢ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠴᠢᠩᠭ᠎ᠠ ᠰᠢᠳᠬᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠥᠨᠳᠥᠷ ᠳᠠᠷᠤᠯᠲᠠᠲᠤ ᠪᠠᠶᠢᠳᠠᠯ ᠢ ᠪᠤᠢ ᠪᠣᠯᠭᠠᠪᠠ᠃                                                ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2