ᠯᠢᠶᠠᠩᠴᠧᠩ ᠰᠢᠶᠠᠨ ᠤ ᠬᠠᠤᠯᠢᠵᠢᠯ ᠤᠨ ᠠᠭᠤᠳᠠᠮ ᠲᠠᠯᠠᠪᠠᠢ ᠳᠤ ᠪᠠᠰᠠ ᠰᠢᠨ᠎ᠡ ᠦᠵᠡᠮᠵᠢ ᠨᠡᠮᠡᠷᠢᠯᠡᠪᠡ︕
ᠨᠡᠶᠢᠲᠡᠯᠡᠭᠰᠡᠨ ᠴᠠᠭ᠄
2023/6/29
  ᠣᠯᠠᠨ ᠲᠦᠮᠡᠨ ᠤ ᠬᠠᠤᠯᠢ ᠪᠠᠷ ᠵᠠᠰᠠᠬᠤ ᠰᠣᠶᠣᠯ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠤᠬᠠᠮᠰᠠᠷ ᠢ ᠴᠢᠩᠭᠠᠷᠠᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠨᠠᠩ ᠢᠯᠡᠭᠦᠤ ︽ᠣᠯᠠᠨ ᠲᠦᠮᠡᠨ ᠲᠠᠢ ᠣᠶᠢᠷᠠᠲᠤᠭᠤᠯᠬᠤ ᠶᠢᠨ ᠲᠥᠯᠥᠭᠡ︾ ᠤᠢᠢᠷ᠎ᠠ ᠳᠤ᠂ ᠯᠢᠶᠠᠩᠴᠧᠩ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠳᠠᠶᠢᠬ᠎ᠠ ᠠᠭᠤᠳᠠᠮ ᠲᠠᠯᠠᠪᠠᠢ ᠳᠤ ᠬᠠᠤᠯᠢᠵᠢᠯ ᠤᠨ ᠰᠣᠶᠣᠯ ᠤᠨ ᠠᠭᠤᠳᠠᠮ ᠲᠠᠯᠠᠪᠠᠢ ᠶᠢ ᠨᠠᠷᠢᠨ ᠨᠢᠮᠪᠠᠢ ᠪᠠᠶᠢᠭᠤᠯᠬᠤ ᠳᠤᠮᠳᠠ ᠰᠢᠨ᠎ᠡ ᠦᠵᠡᠮᠵᠢ ᠨᠡᠮᠡᠷᠢᠯᠡᠵᠦ᠂ ᠰᠠᠭᠤᠭᠠᠯᠢ ᠠᠷᠠᠳ ᠲᠤ ︽ᠭᠡᠷ ᠤᠨ ᠡᠭᠦᠳᠡ︾ ᠶᠢᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠢᠨ᠎ᠡ ᠵᠢᠭᠰᠠᠭᠠᠯ ᠤᠨ ᠭᠠᠵᠠᠷ ᠢ ᠪᠠᠶᠢᠭᠤᠯᠵᠤ ᠥᠭᠴᠡᠢ᠃
        ᠲᠠᠶᠢᠬ᠎ᠠ ᠠᠭᠤᠳᠠᠮ ᠲᠠᠯᠠᠪᠠᠢ ᠳᠤ ᠬᠦᠷᠬᠦ ᠳᠤ᠂ ᠤᠯᠠᠭᠠᠨ ᠦᠩᠬᠡ ᠲᠠᠢ ᠬᠠᠤᠯᠢᠵᠢᠯ ᠤᠨ ᠤᠬᠠᠭᠤᠯᠭ᠎ᠠ ᠶᠢᠨ ᠳ᠋ᠧᠩ ᠤᠨ ᠪᠠᠭᠠᠨ᠎ᠠ ᠭᠤᠣᠯ ᠵᠠᠮ ᠢᠶᠠᠷ ᠳᠠᠷᠠᠭᠠᠯᠠᠨ ᠵᠢᠭᠰᠠᠵᠤ᠂ ᠲᠠᠯᠠᠪᠠᠢ ᠶᠢᠨ ᠲᠥᠪ ᠲᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ︽ᠠᠷᠪᠠᠨ ᠨᠢᠭᠡ ᠶᠢ ᠪᠠᠷᠢᠮᠲᠠᠯᠠᠬᠤ︾ ᠪᠠᠷ ᠭᠤᠣᠯ ᠠᠭᠤᠯᠭ᠎ᠠ ᠪᠣᠯᠭᠠᠭᠰᠠᠨ ᠬᠠᠤᠯᠢᠵᠢᠯ ᠤᠨ ᠦᠵᠡᠮᠵᠢ ᠶᠢᠨ ᠣᠬᠤᠷ ᠪᠦᠲᠦᠭᠡᠯ ᠬᠥᠮᠦᠰ ᠤᠨ ᠠᠩᠬᠠᠷᠤᠯ ᠢ ᠲᠠᠲᠠᠵᠤ᠂ ᠬᠠᠵᠠᠭᠤ ᠳᠠᠬᠢ ᠬᠠᠤᠯᠢᠵᠢᠯ ᠤᠨ ᠤᠬᠠᠭᠤᠯᠭ᠎ᠠ ᠶᠢᠨ ᠳ᠋ᠧᠩ ᠤᠨ ᠪᠠᠭᠠᠨ᠎ᠠ ᠲᠠᠢ ᠰᠣᠯᠪᠢᠴᠠᠨ ᠬᠡᠷᠡᠯᠳᠦᠵᠦ᠂ ᠪᠡᠶ᠎ᠡ ᠴᠢᠭᠢᠷᠠᠭᠵᠢᠭᠤᠯᠬᠤ ᠪᠠᠷ ᠢᠷᠡᠭᠰᠡᠨ ᠤᠯᠠᠨ ᠲᠦᠮᠡᠨ ᠤ ᠠᠩᠬᠠᠷᠤᠯ ᠢ ᠲᠠᠲᠠᠨ᠎ᠠ ᠃ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠯᠢᠦ ᠬᠦᠶ ᠯᠠᠨ᠄ ︽ᠪᠢᠳᠡ ᠦᠷᠭᠦᠯᠵᠢ ᠲᠠᠯᠠᠪᠠᠶ ᠳᠤ ᠢᠷᠡᠵᠦ ᠪᠡᠶ᠎ᠡ ᠪᠠᠨ ᠪᠣᠯᠪᠠᠰᠤᠷᠠᠭᠤᠯᠳᠠᠭ᠂ ᠣᠶᠢᠷ᠎ᠠ ᠳᠤ ᠤᠯᠠᠭᠠᠨ ᠥᠩᠭᠡ ᠶᠢᠨ ᠪᠠᠭᠠᠨ᠎ᠠ ᠳᠡᠭᠡᠷ᠎ᠡ ᠬᠠᠤᠯᠢ ᠪᠠᠷ ᠵᠠᠰᠠᠬᠤ ᠨᠡᠶᠢᠭᠡᠮ ᠤᠨ ᠲᠤᠬᠠᠶ ᠤᠬᠠᠭᠤᠯᠭ᠎ᠠ ᠶᠢᠨ ᠥᠰᠥᠭ ᠠᠷᠪᠢᠨ ᠪᠠᠶᠢᠬᠤ ᠶᠢ ᠣᠯᠵᠤ ᠮᠡᠳᠡᠵᠡᠶ᠂ ᠡᠨᠡ ᠨᠢ ᠠᠷᠠᠳ ᠲᠦᠮᠡᠨ ᠳᠤ ᠮᠠᠰᠢ ᠰᠠᠶᠢᠨ᠂ ᠪᠢᠳᠡᠨ ᠤ ᠬᠢᠵᠦ ᠳᠡᠶᠢᠯᠦᠭᠡ ᠥᠬᠡᠶ ᠨᠢ ᠴᠦ ᠰᠤᠷᠤᠯᠴᠠᠵᠤ ᠲᠠᠶᠢᠯᠤᠨ᠎ᠠ︾ ᠭᠡᠵᠡᠶ᠃
        ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠢ ᠶᠢ ᠪᠠᠶᠢᠭᠤᠯᠤᠭᠰᠠᠨ ᠨᠢ ᠤᠯᠠᠨ ᠲᠦᠮᠡᠨ ᠳᠤ ᠡᠯᠪᠡᠭ ᠳᠡᠯᠪᠡᠭ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠣᠶᠣᠯ ᠤᠨ ᠲᠠᠩᠰᠤᠭ ᠬᠤᠭᠤᠯᠠ︾ ᠶᠢ ᠬᠦᠷᠭᠡᠵᠦ᠂ ᠬᠠᠤᠯᠢ ᠪᠠᠷ ᠵᠠᠰᠠᠬᠤ ᠰᠣᠶᠣᠯ ᠤᠨ ᠨᠡᠪᠴᠢᠯᠲᠡ ᠶᠢᠨ ᠬᠦᠴᠦᠨ᠂ ᠬᠥᠲᠥᠯᠥᠨ ᠵᠢᠯᠣᠭᠤᠳᠬᠤ ᠬᠦᠴᠦᠨ ᠪᠠ ᠤᠷᠢᠶᠠᠯᠠᠨ ᠳᠠᠶᠢᠴᠢᠯᠠᠬᠤ ᠬᠦᠴᠦᠨ ᠢ ᠴᠢᠩᠭᠠᠷᠠᠭᠤᠯᠵᠤ᠂ ᠰᠠᠭᠤᠭᠠᠯᠢ ᠠᠷᠠᠳ ᠢ ︽ᠭᠠᠳᠠᠭᠰᠢ ᠭᠠᠷᠴᠤ ᠬᠠᠤᠯᠢ ᠶᠢ ᠦᠵᠡᠬᠦ᠂ ᠲᠣᠯᠣᠭᠠᠶ ᠥᠨᠳᠡᠶᠢᠬᠦ ᠦᠵᠡᠯᠲᠡ ᠲᠠᠢ ᠪᠣᠯᠭᠠᠬᠤ᠂ ᠰᠡᠯᠡᠭᠦᠴᠡᠵᠦ ᠪᠠᠶᠢᠭᠠᠳ ᠬᠠᠤᠯᠢ ᠶᠢ ᠰᠤᠷᠤᠯᠴᠠᠬᠤ︾ ᠪᠣᠯᠭᠠᠵᠤ᠂ ᠦᠯᠦ ᠮᠡᠳᠡᠭᠳᠡᠮ᠎ᠡ ᠬᠤᠪᠢᠷᠠᠭᠤᠯᠬᠤ ᠶᠠᠪᠤᠴᠠ ᠳᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠰᠤᠷᠴᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠭᠰᠡᠨ ᠪᠠᠶᠢᠨ᠎ᠠ᠃
        ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠧᠦ ᠳ᠋ᠡ  ᠫᠧᠩ ᠬᠡᠯᠡᠬᠦ ᠳᠡᠭᠡᠨ᠄ ︽ᠡᠨᠡ ᠵᠢᠯ ᠪᠣᠯ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠰᠢᠯᠭᠠᠨ ᠠᠪᠬᠤ ᠵᠢᠯ ᠮᠥᠨ᠂ ᠮᠠᠨ ᠤ ᠯᠢᠶᠠᠩᠴᠧᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠠᠶᠢᠬ᠎ᠠ ᠲᠠᠯᠠᠪᠠᠶ ᠳᠤ ᠲᠦᠰᠢᠭᠯᠡᠨ᠂ ᠡᠨᠡᠬᠦ ᠬᠠᠤᠯᠢ ᠪᠠᠷ ᠵᠠᠰᠠᠬᠤ ᠰᠣᠶᠣᠯ ᠤᠨ ᠲᠠᠯᠠᠪᠠᠶ ᠶᠢ ᠨᠠᠷᠢᠨ ᠨᠢᠮᠪᠠᠶ ᠪᠤᠶ ᠪᠣᠯᠭᠠᠵᠤ᠂ ᠨᠡᠩ ᠣᠯᠠᠨ ᠲᠦᠮᠡᠨ ᠳᠤ ᠬᠠᠤᠯᠢ ᠶᠢ ᠰᠤᠷᠤᠯᠴᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠵᠤ᠂ ᠰᠠᠭᠤᠭᠠᠯᠢ ᠠᠷᠠᠳ ᠤᠨ ᠰᠡᠯᠡᠭᠦᠴᠡᠨ ᠠᠯᠬᠤᠵᠤ ᠶᠠᠪᠤᠬᠤ ᠳᠠᠭᠠᠨ ᠬᠠᠤᠯᠢ ᠪᠠᠷ ᠵᠠᠰᠠᠬᠤ ᠨᠥᠯᠥᠭᠡ ᠶᠢ ᠣᠶᠢᠷ᠎ᠠ ᠵᠠᠶ ᠠᠴᠠ ᠭᠥᠷᠳᠡᠵᠦ᠂ ᠬᠠᠤᠯᠢ ᠪᠠᠷ ᠵᠠᠰᠠᠬᠤ ᠰᠣᠶᠣᠯ ᠢ ᠣᠶᠢᠯᠠᠭᠠᠬᠤ ᠳᠤ ᠳᠥᠭᠦᠮ ᠦᠵᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ︾ ᠭᠡᠵᠡᠶ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2