︽ᠲᠤᠯᠤᠭᠠᠨ ᠰᠠᠷ᠎ᠠ ᠶᠢᠨ ᠨᠢᠭᠡᠨ ᠤ ᠨᠠᠮ ᠪᠠᠶᠢᠭᠤᠯᠤᠭᠳᠠᠭᠰᠠᠨ ᠪᠠᠶᠠᠷ ᠢ  ᠪᠡᠯᠭᠡᠯᠡᠬᠦ︾    ᠮᠠᠨ ᠤ ᠰᠢᠶᠠᠨ ᠤ ᠡᠯ᠎ᠡ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡ᠊
ᠨᠡᠶᠢᠲᠡᠯᠡᠭᠰᠡᠨ ᠴᠠᠭ᠄
2023/6/29
  ᠲᠤᠯᠤᠭᠠᠨ ᠰᠠᠷ᠎ᠠ ᠶᠢᠨ ᠨᠢᠭᠡᠨ ᠤ ᠠᠴᠠ ᠡᠮᠦᠨᠡᠬᠡᠨ᠂ ᠨᠠᠮ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠡᠭᠦᠯᠵᠦ ᠂ ᠨᠠᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠮᠠᠨ ᠤ ᠰᠢᠶᠠᠨ ᠤ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠪᠡ᠃
       6 ᠰᠠᠷ᠎ᠠ ᠶᠢᠨ 28 ᠤ ᠡᠳᠦᠷ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠠᠮᠲᠤᠷᠠᠭᠰᠠᠨ ᠬᠤᠷᠰᠢᠶ᠎ᠠ ︽ᠮᠥᠩᠭᠦᠨ ᠭᠦᠢᠯᠭᠡᠭᠡᠨ ᠤ ᠲᠠᠯ᠎ᠠ ᠪᠠᠷ ᠨᠠᠮ ᠤᠨ ᠠᠴᠢ ᠶᠢ ᠮᠠᠭᠲᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ ᠭᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠷᠭᠢᠯᠡᠪᠡ᠃ ᠲᠣᠭᠯᠠᠯᠲᠠ ᠶᠢᠨ ᠦᠳᠡᠰᠢᠯᠡᠭᠡ ᠨᠢ ᠭᠠᠷ ᠤᠨ ᠳᠣᠬᠢᠶᠠᠨ ᠤ ᠪᠥᠵᠢᠭ ︽ᠤᠯᠤᠰ︾ ᠤᠨ ᠳᠤᠮᠳᠠ ᠬᠥᠰᠢᠭᠡ ᠪᠠᠨ ᠰᠡᠬᠦᠵᠦ᠂ ︽ᠲᠦᠮᠡᠨ ᠬᠢᠵᠠᠭᠠᠷ︾ ᠪᠥᠵᠢᠭ ᠨᠢ ᠡᠬᠡ ᠤᠯᠤᠰ ᠤᠨ ᠢᠶᠠᠨ ᠠᠭᠤᠯᠠ ᠤᠰᠤ ᠶᠢ ᠮᠠᠭᠲᠠᠨ ᠰᠠᠶᠢᠰᠢᠶᠠᠵᠤ ᠪᠠᠶᠢᠬᠤ ᠪᠠ ᠮᠥᠷᠥᠭᠡᠳᠦᠨ ᠰᠠᠨᠠᠭᠠᠯᠵᠠᠵᠤ ᠪᠠᠶᠢᠬᠤ ᠶᠢ ᠢᠯᠡᠳᠬᠡᠵᠡᠶ︔ ᠱᠤᠭ ᠶᠠᠷᠢᠶ᠎ᠠ ︽ᠵᠢᠭᠡᠯᠡᠯᠭᠡ ᠡᠷᠭᠢᠯᠡᠭᠰᠡᠨ ᠲᠡᠮᠳᠡᠭᠯᠡᠯ︾ ᠨᠢ ︽ᠴᠦᠯᠲᠦ ᠮᠥᠯᠲᠥ ᠬᠥᠮᠦᠨ︾ ᠤ ᠰᠡᠳᠦᠪᠯᠡᠬᠦᠨ ᠰᠢᠨ᠎ᠡ ᠰᠡᠪᠡᠭᠦᠨ ᠪᠠᠶᠢᠵᠤ᠂ ᠥᠷᠭᠡᠨ ᠣᠯᠠᠨ ᠮᠥᠩᠭᠦᠨ  ᠭᠦᠢᠯᠭᠡᠭᠡᠨ ᠤ  ᠤᠶᠢᠯᠡᠴᠢᠯᠡᠭᠡᠨ ᠤ ᠠᠵᠢᠯᠲᠠᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠶ᠃
   ᠪᠦᠬᠦ ᠦᠳᠡᠰᠢᠯᠡᠭᠡ ᠶᠢᠨ ᠲᠣᠭᠯᠠᠯᠲᠠ ᠶᠢ ᠨᠠᠷᠢᠨ ᠨᠢᠮᠪᠠᠶ ᠨᠠᠶᠢᠷᠠᠭᠤᠯᠵᠤ᠂ ᠠᠭᠤᠯᠭ᠎ᠠ ᠪᠠᠷ ᠪᠠᠶᠠᠯᠢᠭ᠂ ᠭᠤᠣᠯ ᠵᠣᠷᠢᠯᠲᠠ ᠪᠠᠷ ᠲᠣᠳᠣᠷᠬᠠᠶ᠂ ᠬᠥᠮᠦᠰ ᠤᠨ ᠠᠩᠬᠠᠷᠤᠯ ᠢ ᠲᠠᠲᠠᠵᠤ᠂ ᠨᠠᠮ ᠤᠨ ᠪᠦᠯᠬᠦᠮᠳᠡᠯ ᠳᠠᠭᠠᠭᠤᠯᠭ᠎ᠠ ᠶᠢᠨ ᠳᠣᠣᠷ᠎ᠠ᠂ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠬᠥᠭᠵᠢᠯᠲᠡ ᠶᠢ ᠶᠡᠭᠡ ᠪᠠᠷ ᠳᠥᠯᠭᠢᠨ ᠠᠬᠢᠭᠤᠯᠤᠭᠰᠠᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠠᠮᠢᠳᠤᠯᠢᠭ ᠢᠶᠠᠷ ᠬᠠᠷᠠᠭᠤᠯᠤᠭᠰᠠᠨ ᠪᠠᠶᠢᠨ᠎ᠠ᠃
        ᠱᠠᠩᠨᠠᠯ ᠣᠯᠤᠭᠰᠠᠨ ᠲᠠᠮᠢᠷᠴᠢᠨ ᠸᠠᠩ ᠼᠠᠢ ᠰᠢᠶᠠ᠄ ︽ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠥᠨᠢ ᠡᠭᠦᠷᠢᠳᠡ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠪᠠᠲᠤᠳᠬᠠᠬᠤ ᠶᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠨᠢ ᠨᠡᠮᠡᠭᠳᠡᠭᠦᠯᠦᠨ᠂ ᠠᠵᠢᠯ ᠬᠢᠵᠦ  ᠤᠶᠢᠯᠡᠰ ᠴᠣᠭᠴᠠᠯᠠᠬᠤ ᠬᠥᠳᠡᠯᠭᠡᠬᠦ ᠬᠦᠴᠦᠨ ᠪᠠ ᠬᠠᠯᠠᠭᠤᠨ ᠰᠡᠳᠬᠢᠯᠭᠡ ᠶᠢ ᠨᠢ ᠬᠥᠭᠵᠢᠭᠡᠵᠦ᠂ ᠯᠢᠶᠠᠩᠴᠧᠩ ᠰᠢᠶᠠᠨ ᠤ ᠬᠤᠯᠪᠣᠭᠠᠲᠤ ᠬᠤᠷᠰᠢᠶ᠎ᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠪᠠᠶᠢᠳᠠᠯ ᠢ ᠡᠭᠦᠳᠴᠦ ᠥᠭᠬᠦ ᠬᠡᠷᠡᠭᠲᠡᠶ︾ ᠭᠡᠵᠡᠶ᠃                                                ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2