ᠵᠣᠣ ᠶᠠᠨ ᠵᠢᠶᠦ᠋ᠨ᠄ ︽ᠰᠤᠷᠤᠯᠴᠠᠯᠭ᠎ᠠ  ‍ᠤᠨ‌‍ᠬᠦ᠋ᠴᠦᠷᠬᠡᠭ  ᠤᠯᠤᠰ ︾  ᠢ ᠰᠤᠷᠤᠯᠴᠠᠵᠤ ︽ᠰᠤᠷᠤᠯᠴᠠᠯᠭ᠎ᠠ ᠪᠠᠷ ᠬᠦᠴᠦᠷᠬᠡᠭ ᠬᠥᠮᠦᠨ︾ ᠪᠣᠯᠬᠤ ᠬᠡᠷᠡᠭᠲᠡᠶ
ᠨᠡᠶᠢᠲᠡᠯᠡᠭᠰᠡᠨ ᠴᠠᠭ᠄
2023/6/29
   2019 ᠣᠨ ᠳᠤ ︽ᠰᠤᠷᠤᠯᠴᠠᠯᠭ᠎ᠠ  ᠤᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠯᠢᠶᠠᠩᠴᠧᠩ ᠰᠢᠶᠠᠨ ᠤ ᠡᠳ᠋ ᠤᠨ ᠵᠠᠰᠠᠭ ᠤᠨ  ᠲᠤᠪᠴᠢᠶ᠎ᠠ ᠶᠢᠨ ᠵᠤᠤ ᠶᠠᠨ ᠵᠢᠶᠦ᠋ᠨ ᠲᠡᠷᠡ ᠳᠠᠷᠤᠢ ᠳᠤᠨᠢ ᠪᠠᠭᠤᠯᠭᠠᠨ ᠤᠭᠰᠠᠷᠠᠵᠤ ᠳᠠᠩᠰᠠᠯᠠᠭᠤᠯᠤᠨ ᠬᠡᠷᠡᠭᠯᠡᠵᠡᠢ᠃ ᠡᠭᠦᠨ ᠠᠴᠠ ᠡᠬᠢᠯᠡᠨ᠂ ᠲᠠᠪᠴᠠᠩ ᠳᠤ ᠭᠠᠷᠴᠤ ᠰᠤᠷᠤᠯᠴᠠᠬᠤ ᠨᠢ ᠲᠡᠭᠦᠨ ᠤ ᠡᠳᠦᠷ ᠪᠦᠷᠢ ᠶᠢᠨ ᠵᠠᠪᠠᠯ ᠰᠤᠷᠬᠤ ᠬᠢᠴᠢᠶᠡᠯ ᠪᠣᠯᠵᠣ᠂ 2023 ᠣᠨ ᠤ 6 ᠰᠠᠷ᠎ᠠ ᠪᠣᠯᠬᠤ ᠳᠤ᠂ ᠰᠤᠷᠤᠯᠴᠠᠯᠭ᠎ᠠ ᠶᠢᠨ ᠬᠤᠪᠢ ᠨᠢ ᠨᠢᠭᠡᠨᠲᠡ 78000 ᠭᠠᠷᠤᠶ ᠬᠤᠪᠢ ᠬᠦᠷᠴᠦ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠰᠤᠷᠤᠯᠴᠠᠯᠭ᠎ᠠ ᠶᠢᠨ ᠬᠦᠴᠦᠷᠬᠡᠭ ᠬᠥᠮᠦᠨ︾ ᠪᠣᠯᠤᠭᠰᠠᠨ ᠪᠠᠶᠢᠨ᠎ᠠ᠃
     ᠡᠳ᠋ ᠤᠨ ᠵᠠᠰᠠᠭ ᠤᠨ ᠲᠣᠪᠴᠢᠶ᠎ᠠ ᠶᠢᠨ ᠨᠢᠭᠲᠠᠯᠠᠨ ᠪᠤᠳᠤᠬᠤ ᠲᠠᠰᠤᠭ ᠤᠨ ᠳᠠᠷᠤᠭ᠎ᠠ ᠪᠣᠯᠤᠭᠰᠠᠨ ᠤ ᠬᠤᠪᠢ ᠳᠤ᠂ ᠨᠢᠭᠡᠨ ᠡᠪ ᠬᠠᠮᠲᠤ ᠨᠠᠮ ᠤᠨ ᠭᠡᠰᠢᠭᠦᠨ᠂ ᠠᠵᠢᠯ ᠤᠨ ᠲᠠᠯ᠎ᠠ ᠪᠠᠷ ᠲᠡᠷᠡ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠨᠠᠷᠢᠨ ᠬᠢᠨᠠᠮᠠᠭᠠᠶ ᠬᠠᠷᠢᠭᠤᠴᠠᠳᠠᠭ︔ ᠰᠤᠷᠤᠯᠴᠠᠯᠭ᠎ᠠ ᠶᠢᠨ ᠲᠠᠯ᠎ᠠ ᠪᠠᠷ᠂ ᠲᠡᠷᠡ ︽ᠰᠤᠷᠤᠯᠴᠠᠯᠭ᠎ᠠ  ᠤᠨ ᠬᠦᠴᠦᠷᠬᠡᠭ ᠤᠯᠤᠰ︾ ᠲᠠᠪᠴᠠᠩ ᠢ ᠨᠠᠮᠴᠢ ᠴᠢᠨᠠᠷ ᠢ ᠴᠢᠩᠭᠠᠳᠬᠠᠬᠤ ᠪᠠ ᠥᠪᠡᠷ ᠤᠨ ᠲᠥᠷᠥᠯᠬᠢ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠰᠤᠯᠠ ᠰᠡᠯᠡᠭᠦᠦ ᠴᠠᠭ ᠢᠶᠠᠨ ᠭᠦᠢᠴᠡᠳ ᠠᠰᠢᠭᠯᠠᠨ ᠬᠠᠨᠳᠤᠯᠭᠠᠲᠤ ᠴᠢᠨᠠᠷᠲᠠᠢ ᠪᠠᠷ ᠤᠩᠰᠢᠨ ᠰᠤᠷᠤᠯᠴᠠᠵᠤ᠂ ᠲᠠᠰᠤᠷᠠᠯᠳᠡ ᠦᠭᠡᠢ ᠰᠤᠷᠤᠯᠴᠠᠪᠠ᠃
      2020 ᠣᠨ ᠳᠤ᠂ ᠨᠠᠶᠢᠵᠠ ᠶᠢᠨ ᠢᠶᠠᠨ ᠲᠠᠨᠢᠯᠴᠠᠭᠤᠯᠭ᠎ᠠ ᠪᠠᠷ᠂ ᠵᠣᠣ ᠶᠠᠨ ᠵᠢᠶᠦ᠋ᠨ ︽ᠪᠥᠬᠦ ᠤᠯᠤᠰ ᠤᠨ ᠳᠥᠷᠪᠡᠨ ᠬᠥᠮᠦᠨ ᠤ ᠤᠷᠤᠯᠳᠤᠭᠠᠨ ᠤ ᠳᠤᠭᠤᠶᠢᠯᠠᠩ︾ ᠳᠤ ᠣᠷᠣᠯᠴᠠᠵᠤ᠂ ᠡᠳᠦᠷ ᠪᠦᠷᠢ ᠪᠥᠬᠦ ᠤᠯᠤᠰ ᠤᠨ ᠡᠯ᠎ᠡ ᠭᠠᠵᠠᠷ ᠤᠨ ︽ᠭᠠᠷᠮᠠᠭᠠᠶ ᠭᠠᠷ︾ ᠲᠠᠢ ᠬᠠᠮᠲᠤ ᠪᠠᠷ ᠶᠠᠷᠢᠯᠴᠠᠨ ᠵᠥᠪᠳᠡᠯᠴᠡᠵᠦ᠂ ᠤᠷᠤᠯᠳᠤᠭᠠᠨ ᠤ ᠳᠤᠮᠳᠠ ᠰᠡᠳᠦᠪ ᠬᠠᠷᠢᠭᠤᠯᠬᠤ ᠬᠠᠪᠤ ᠴᠡᠩᠭᠡᠯ ᠢ ᠡᠳ᠋ᠯᠡᠵᠦ ᠪᠠᠶᠢᠯ᠎ᠠ᠃
       ︽ᠰᠤᠷᠤᠯᠴᠠᠯᠭ᠎ᠠ  ᠤᠨ ᠬᠦᠴᠦᠷᠬᠡᠭ ᠤᠯᠤᠰ︾ ᠰᠤᠷᠤᠯᠴᠠᠬᠤ ᠲᠠᠪᠴᠠᠩ ᠢ ᠶᠠᠷᠢᠬᠤ ᠳᠤ᠂ ᠵᠤᠤ ᠶᠠᠨ ᠵᠢᠶᠦ᠋ᠨ ᠤ ᠬᠠᠷᠠᠴᠠᠨ ᠠᠴᠠ ᠪᠠᠶᠠᠷ ᠤᠨ ᠭᠡᠷᠡᠯ ᠭᠢᠯᠪᠠᠭ᠎ᠠ ᠰᠠᠴᠤᠷᠠᠨ᠎ᠠ᠃ ᠲᠡᠷᠡ᠄ ︽ᠪᠢ 2019 ᠣᠨ ᠠᠴᠠ ᠡᠬᠢᠯᠡᠨ ᠰᠤᠷᠤᠯᠴᠠᠯᠭ᠎ᠠ ᠶᠢᠨ ᠬᠦᠴᠦᠷᠬᠡᠭ ᠤᠯᠤᠰ ᠲᠠᠢ ᠣᠶᠢᠷᠠᠲᠤᠵᠤ᠂ ᠬᠠᠮᠤᠭ ᠠᠩᠬᠠᠨ ᠤ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠮᠧᠬᠠᠨᠢᠭ ᠮᠠᠶ᠋ᠢᠭ ᠤᠨ ᠰᠤᠷᠤᠯᠴᠠᠯᠭ᠎ᠠ ᠠᠴᠠ ᠪᠠᠨ ᠬᠠᠮᠤᠭ ᠰᠡᠭᠦᠯ ᠳᠤ ᠰᠤᠷᠤᠯᠴᠠᠯᠭ᠎ᠠ ᠶᠢᠨ ᠬᠦᠴᠦᠷᠬᠡᠭ ᠤᠯᠤᠰ ᠲᠤ ᠲᠦᠰᠢᠭᠯᠡᠭᠰᠡᠨ ᠬᠦᠷᠲᠡᠯ᠎ᠡ᠂ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠠᠭᠤᠯᠭ᠎ᠠ ᠨᠠᠮᠠᠶᠢ ᠭᠦᠨ᠎ᠡ ᠨᠥᠯᠥᠭᠡᠯᠡᠵᠦ᠂ ᠲᠡᠷᠡ ᠨᠢ ᠮᠢᠨᠦ ᠰᠠᠶᠢᠨ ᠪᠠᠭᠰᠢ ᠲᠤᠰᠠᠲᠠᠢ ᠨᠠᠶᠢᠵᠢ ᠪᠣᠯᠤᠭᠰᠠᠨ ᠪᠠᠶᠢᠨ᠎ᠠ︾ ᠭᠡᠵᠦ ᠬᠡᠯᠡᠪᠡ᠃ ᠪᠢ ᠲᠦᠷᠪᠡᠨ ᠬᠥᠮᠦᠨ ᠤ ᠤᠷᠤᠯᠳᠤᠭᠠᠨ ᠪᠠ ᠥᠷᠢᠰᠥᠯᠳᠦᠭᠡᠨ ᠤ ᠰᠡᠳᠦᠪ ᠤᠨ ᠬᠠᠷᠢᠭᠤᠯᠲᠠ ᠳᠤ ᠬᠠᠮᠤᠭ ᠠᠴᠠ ᠳᠤᠷᠠᠲᠠᠶ ᠪᠠᠶᠢᠳᠠᠭ᠂ ᠤᠴᠢᠷ ᠨᠢ ᠲᠦᠷᠪᠡᠨ ᠬᠥᠮᠦᠨ ᠤ ᠤᠷᠤᠯᠳᠤᠭᠠᠨ ᠠᠴᠠ ᠪᠢ ᠮᠡᠳᠡᠯᠭᠡ ᠰᠤᠷᠬᠤ ᠪᠠᠷ ᠪᠠᠷᠠᠬᠤ ᠦᠭᠡᠢ ᠪᠠᠰᠠ ᠰᠡᠳᠦᠯᠲᠡ ᠶᠢ ᠮᠡᠳᠡᠷᠡᠵᠦ᠂ ᠡᠭᠦᠨ ᠤ ᠬᠠᠮᠲᠤ ᠪᠠᠰᠠ ᠮᠠᠰᠢ ᠤᠯᠠᠨ ᠨᠠᠶᠢᠵᠠ ᠲᠠᠢ ᠲᠠᠨᠢᠯᠴᠠᠵᠠᠶ︾ ᠭᠡᠵᠦ ᠬᠡᠯᠡᠪᠡ᠃
       ᠲᠡᠷᠡ ᠰᠤᠷᠤᠯᠴᠠᠬᠤ ᠶᠢ ᠪᠠᠷᠢᠮᠲᠠᠯᠠᠬᠤ ᠪᠠᠷ ᠲᠠᠮᠵᠢᠨ᠂ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠶᠡᠷᠦᠩᠬᠡᠢ ᠬᠤᠪᠢ ᠪᠠᠶᠢᠭᠤᠯᠤᠯᠭ᠎ᠠ ᠨᠢᠭᠡᠴᠡ ᠳᠡᠭᠡᠨ ᠨᠢᠭᠡᠳᠦᠭᠡᠷ ᠲᠤ ᠣᠷᠣᠵᠤ᠂ ᠤᠷᠢᠳ ᠬᠤᠵᠢᠳ ︽2019 ᠣᠨ ᠤ ᠪᠦᠬᠦ ᠬᠤᠳᠠ ᠶᠢᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠳᠠᠭᠤᠷᠢᠶᠠᠯ︾᠂ ︽ᠯᠢᠶᠠᠩᠴᠧᠩ ᠰᠢᠶᠠᠨ ᠤ 2020 ᠣᠨ ᠤ ᠰᠤᠷᠤᠯᠴᠠᠯᠭ᠎ᠠ ᠶᠢᠨ ᠳᠠᠭᠤᠷᠢᠶᠠᠯ︾᠂ ︽ᠯᠢᠶᠠᠩᠴᠧᠩ ᠰᠢᠶᠠᠨ ᠤ 2022 ᠣᠨ ᠤ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠳᠠᠭᠤᠷᠢᠶᠠᠯ︾ ᠢ ᠬᠦᠷᠳᠡᠵᠤ᠂ 2020 ᠣᠨ ᠤ ᠯᠢᠶᠠᠩᠴᠧᠩ ᠰᠢᠶᠠᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠳᠠᠭᠤᠷᠢᠶᠠᠯ︾ ᠢ  ᠬᠦᠷᠳᠡᠭᠰᠡᠨ ᠪᠠᠶᠢᠨ᠎ᠠ᠃
       ᠨᠣᠮ ᠤᠩᠰᠢᠬᠤ ᠨᠢ ᠬᠥᠮᠦᠨ ᠳᠤ ᠶᠣᠰᠣ ᠤᠴᠢᠷ ᠢ ᠲᠠᠨᠢᠭᠤᠯᠵᠤ᠂ ᠰᠤᠷᠤᠯᠴᠠᠬᠤ ᠨᠢ ᠬᠥᠮᠦᠨ ᠢ ᠣᠶᠤᠨ ᠤᠬᠠᠭᠠᠨ ᠲᠠᠢ ᠪᠣᠯᠭᠠᠨ᠎ᠠ᠃ ᠵᠣᠣ ᠶᠠᠨ ᠵᠢᠶᠦ᠋ᠨ ᠬᠡᠯᠡᠬᠦ ᠳᠡᠭᠡᠨ᠂ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠰᠤᠷᠤᠯᠴᠠᠯᠭ᠎ᠠ ᠶᠢᠨ ᠬᠦᠴᠦᠷᠬᠡᠭ ᠤᠯᠤᠰ ᠪᠣᠯ ᠮᠢᠨᠦ ᠬᠠᠨᠢ ᠮᠥᠨ᠂ ᠲᠡᠷᠡ ᠨᠢ ᠨᠠᠳᠠ ᠳᠤ ᠪᠡᠶ᠎ᠡ ᠪᠠᠨ ᠪᠠᠷᠢᠬᠤ᠂ ᠥᠨᠳᠥᠷ ᠪᠦᠲᠦᠮᠵᠢᠲᠡᠶ᠂ ᠦᠷ᠎ᠡ ᠪᠦᠲᠦᠮᠵᠢ ᠲᠠᠢ ᠪᠠᠶᠢᠬᠤ ᠶᠢ ᠵᠢᠭᠠᠵᠤ ᠥᠭᠭᠦᠭᠰᠡᠨ ᠪᠥᠭᠡᠳ ᠪᠠᠰᠠ ᠮᠠᠰᠢ ᠣᠯᠠᠨ ᠰᠤᠷᠤᠯᠴᠠᠬᠤ ᠠᠷᠭ᠎ᠠ ᠶᠢ ᠵᠢᠭᠠᠵᠤ ᠥᠭᠭᠦᠭᠰᠡᠨ ᠪᠣᠯᠬᠤᠷ ᠪᠢ ᠰᠤᠷᠤᠯᠴᠠᠯᠭ᠎ᠠ ᠶᠢᠨ ᠬᠦᠴᠦᠷᠬᠡᠭ ᠤᠯᠤᠰ ᠲᠤ ᠮᠠᠰᠢ ᠲᠦᠰᠢᠭᠯᠡᠵᠦ ᠪᠠᠶᠢᠨ᠎ᠠ︾ ᠭᠡᠵᠡᠶ᠃ ᠢᠷᠡᠭᠡᠳᠦᠶ ᠳᠤ ᠲᠡᠷᠡ ᠦᠷᠭᠦᠯᠵᠢᠯᠡᠨ ᠰᠤᠷᠤᠯᠴᠠᠨ᠎ᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2