ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 18 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/6
  6 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 18 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠳᠣᠯᠣᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠮᠢᠶ᠎ᠠ ᠪᠦᠬᠦᠢ ᠳᠦᠷᠢᠮ ᠵᠢᠴᠢ ᠪᠢᠴᠢᠭ  ᠮᠠᠲ᠋ᠧᠷᠢᠶᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠪᠡᠯᠡᠳᠬᠡᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ  ᠬᠤᠯᠪᠤᠭᠳᠠᠯ ᠪᠦᠬᠦᠢ ᠠᠵᠢᠯ ᠤᠨ ᠲᠥᠰᠦᠯ ᠢ ᠬᠢᠨᠠᠨ ᠵᠥᠪᠯᠡᠨ᠎ᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠰᠤᠯᠠ ᠣᠷᠣᠯᠴᠠᠪᠠ᠃    ᠬᠤᠷᠠᠯ ᠠᠴᠠ᠂  ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂  ᠰᠢᠰᠲ᠋ᠧᠮ ᠲᠠᠢ ᠪᠠᠷ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠭᠤᠣᠯ ᠴᠢᠮᠥᠭᠡ ᠶᠢ ᠨᠢ ᠡᠵᠡᠮᠰᠢᠬᠦ ᠬᠡᠷᠡᠭᠲᠡᠢ᠃ ᠤᠷᠳᠤ ᠴᠠᠭᠠᠨ ᠬᠡᠷᠡᠮ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠮᠲᠤᠪᠠᠷ ᠮᠠᠨ ᠤ ᠰᠢᠶᠠᠨ ᠤ ᠬᠢᠯᠢ ᠳᠣᠲᠣᠷᠠᠬᠢ ᠤᠷᠳᠤ ᠴᠠᠭᠠᠨ ᠬᠡᠷᠡᠮ ᠢ ᠰᠠᠶᠢᠲᠤᠷ ᠬᠠᠮᠠᠭᠠᠯᠠᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ ᠬᠠᠮᠠᠭᠠᠯᠠᠯᠲᠠ ᠶᠢ ᠠᠳᠬᠤᠵᠤ᠂ ᠤᠯᠠᠨ ᠲᠦᠮᠡᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠦᠵᠡᠯᠲᠡ ᠪᠠ ᠤᠬᠠᠮᠰᠠᠷ ᠢ ᠴᠢᠩᠭᠠᠳᠬᠠᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠨ᠂ ᠵᠠᠮ ᠬᠠᠷᠢᠯᠴᠠᠭ᠎ᠠ ᠶᠢ ᠵᠢᠯᠣᠭᠤᠳᠤᠨ ᠬᠠᠮᠢᠶᠠᠷᠤᠨ ᠡᠵᠡᠮᠳᠡᠬᠦ᠂ ᠱᠤᠤᠭᠢᠶᠠᠨ ᠢ ᠰᠡᠷᠭᠡᠶᠢᠯᠡᠨ ᠵᠠᠰᠠᠬᠤ᠂ ᠢᠳᠡᠭᠡᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠪᠠᠲᠤᠯᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠣᠯᠠᠨ ᠰᠢᠯᠭᠠᠭᠤᠯᠤᠭᠴᠢ ᠳᠤ ᠠᠮᠤᠷ ᠲᠦᠪᠰᠢᠨ᠂ ᠲᠠᠭᠠᠯᠠᠮᠵᠢᠲᠠᠶ᠂ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2