ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/6/6
ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠠ᠄    ᠵᠢᠯ ᠤᠨ ᠨᠢᠭᠡ ᠤᠳᠠᠭᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠬᠦᠷᠴᠦ ᠢᠷᠡᠬᠦ ᠦᠶ᠎ᠡ ᠳᠤ᠂ 12 ᠵᠢᠯ ᠤᠨ ᠴᠢᠷᠮᠠᠶᠢᠯᠭ᠎ᠠ ᠪᠠ ᠪᠠᠷᠢᠮᠲᠠᠯᠠᠯ ᠨᠢ ᠴᠥᠮ ᠵᠢᠷᠭᠤᠭᠠᠨ ᠰᠠᠷ᠎ᠠ ᠳᠤ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃ ᠲᠦᠭ ᠲᠦᠮᠡᠨ ᠰᠤᠷᠤᠭᠴᠢᠳ ᠲᠤ ᠨᠠᠮ ᠰᠡᠯᠡᠭᠦᠨ ᠲᠠᠭᠠᠯᠠᠮᠵᠢᠲᠠᠶ ᠰᠤᠷᠤᠯᠴᠠᠬᠤ᠂ ᠰᠢᠯᠭᠠᠬᠤ ᠪᠠ ᠠᠮᠠᠷᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠢᠳᠡ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄    ᠨᠢᠭᠡ᠂ ᠪᠣᠬᠢᠷᠲᠤᠯ ᠥᠬᠡᠶ ᠪᠠᠷ ᠭᠠᠳᠠᠭᠰᠢ ᠭᠠᠷᠴᠤ᠂ ᠪᠣᠯᠪᠠᠰᠤᠨ ᠢᠶᠠᠷ ᠰᠢᠯᠭᠠᠯᠲᠠ ᠳᠤ ᠲᠤᠰᠠᠯᠠᠨ᠎ᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠠᠯᠢ ᠴᠢᠳᠠᠬᠤ ᠪᠠᠷ ᠶᠠᠪᠠᠭᠠᠨ ᠶᠠᠪᠤᠬᠤ᠂ ᠳᠤᠭᠤᠶ ᠲᠡᠷᠭᠡ ᠤᠨᠤᠬᠤ ᠪᠤᠶᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠵᠡᠷᠭᠡ ᠪᠣᠬᠢᠷᠲᠤᠯ ᠥᠬᠡᠶ ᠠᠷᠭ᠎ᠠ ᠮᠠᠶ᠋ᠢᠭ ᠵᠬᠡᠷ ᠤᠨ ᠠᠬᠠᠮᠠᠳ ᠪᠣᠯᠪᠠᠰᠤᠨ ᠢᠶᠠᠷ ᠰᠢᠯᠭᠠᠯᠲᠠ ᠳᠤ ᠬᠦᠷᠭᠡᠵᠦ᠂ ᠬᠠᠪᠰᠤᠷᠤᠨ ᠰᠢᠯᠭᠠᠭᠤᠯᠵᠤ᠂ ᠲᠤᠰᠴᠤ ᠬᠦᠷᠭᠡᠬᠦ ᠮᠠᠰᠢᠨ ᠲᠡᠷᠭᠡ ᠶᠢ ᠴᠠᠭ ᠲᠤᠬᠠᠶ ᠳᠤᠨᠢ ᠰᠢᠯᠭᠠᠯᠲᠠ ᠶᠢᠨ ᠴᠡᠭ ᠤᠨ ᠣᠷᠣᠬᠤ ᠭᠠᠵᠠᠷ ᠠᠴᠠ ᠭᠠᠷᠭᠠᠵᠤ᠂ ᠵᠠᠮ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃    ᠬᠤᠶᠠᠷ᠂ ᠲᠠᠭᠤ ᠶᠢ ᠪᠠᠭᠤᠷᠠᠭᠤᠯᠵᠤ᠂ ᠲᠠᠭᠤᠨ ᠢ ᠨᠠᠮᠵᠢᠭᠤᠯᠤᠨ ᠰᠢᠯᠭᠠᠬᠤ ᠶᠢ ᠪᠠᠲᠤᠯᠠᠬᠤ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠵᠤᠭ᠎ᠠ ᠴᠡᠩᠭᠡᠯ ᠤᠨ ᠭᠠᠵᠠᠷ᠂ ᠰᠢᠷᠠᠮᠠᠯ ᠢᠳᠡᠭᠡᠨ᠂ ᠲᠦᠷᠭᠡᠨ ᠬᠤᠭᠤᠯᠠᠨ ᠤ ᠳᠡᠯᠭᠡᠭᠦᠷ ᠤᠨ ᠠᠵᠢᠯᠯᠠᠬᠤ ᠴᠠᠭ ᠢ ᠠᠯᠢ ᠴᠢᠳᠠᠬᠤ ᠪᠠᠷ ᠪᠣᠭᠤᠨᠢᠰᠬᠠᠵᠤ᠂ ᠬᠤᠷᠢᠮ ᠪᠡᠯᠪᠡᠰᠦᠷᠡᠯ᠂ ᠬᠤᠳᠠᠯᠳᠤᠭᠠᠨ ᠤ ᠪᠠᠶᠠᠷ ᠤᠨ ᠶᠣᠰᠣᠯᠠᠯ ᠵᠡᠷᠭᠡ ᠳᠤ ᠲᠠᠭᠤ ᠱᠤᠤᠭᠢᠶᠠᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ︔ ᠰᠢᠯᠭᠠᠯᠲᠠ ᠶᠢᠨ ᠭᠠᠵᠠᠷ ᠵᠢᠴᠢ ᠣᠷᠣᠨ ᠰᠠᠭᠤᠴᠠ ᠶᠢᠨ ᠲᠣᠭᠤᠷᠢᠭ ᠤᠨ ᠣᠶᠢᠷ᠎ᠠ ᠬᠠᠪᠢ ᠳᠤ ᠲᠠᠯᠠᠪᠠᠶ ᠶᠢᠨ ᠪᠥᠵᠢᠭ ᠵᠡᠷᠭᠡ ᠵᠤᠭ᠎ᠠ ᠴᠡᠩᠭᠡᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠥᠬᠡᠶ ᠪᠥᠭᠡᠳ ᠲᠠᠭᠤ ᠱᠤᠤᠭᠢᠶᠠᠨ ᠢ ᠪᠠᠭᠠᠰᠬᠠᠬᠤ ᠶᠢ ᠠᠩᠬᠠᠷᠬᠤ ᠬᠡᠷᠡᠭᠲᠡᠶ᠃    ᠭᠤᠷᠪᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠡᠳᠬᠢᠯ ᠢᠶᠠᠨ ᠳᠤᠯᠠᠭᠠᠴᠠᠭᠤᠯᠤᠨ ᠰᠢᠯᠭᠠᠯᠲᠠ ᠳᠤ ᠲᠤᠰᠠᠯᠠᠬᠤ ᠬᠡᠷᠡᠭᠲᠡᠢ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠶᠢᠨ ᠬᠡᠷ ᠤᠨ ᠠᠬᠠᠮᠠᠳ ᠥᠪᠡᠷ ᠤᠨ ᠰᠡᠳᠬᠢᠯ ᠰᠠᠨᠠᠭᠠᠨ ᠤ ᠪᠠᠶᠢᠳᠠᠯ ᠢᠶᠠᠨ ᠰᠠᠶᠢᠲᠤᠷ ᠵᠣᠬᠢᠴᠠᠭᠤᠯᠵᠤ᠂ ᠬᠡᠤᠬᠡᠳ ᠤᠨ ᠰᠡᠳᠬᠢᠯ ᠰᠠᠨᠠᠭᠠᠨ ᠤ ᠬᠡᠯᠪᠡᠯᠵᠡᠯ ᠢ ᠠᠩᠬᠠᠷᠤᠨ᠂ ᠬᠡᠤᠬᠡᠳ ᠤᠨ ᠳᠠᠷᠤᠭᠠᠰᠤ ᠶᠢ ᠬᠥᠩᠭᠡᠯᠡᠨ᠂ ᠬᠡᠤᠬᠡᠳ ᠤᠨ ᠢᠳᠡᠵᠦ ᠤᠤᠭᠤᠬᠤ ᠤᠨᠲᠠᠵᠤ ᠠᠮᠠᠷᠠᠬᠤ ᠶᠢ ᠰᠠᠶᠢᠲᠤᠷ ᠬᠠᠷᠠᠭᠠᠯᠵᠠᠵᠤ᠂ ᠬᠡᠤᠬᠡᠳ ᠤᠨ ᠬᠠᠨᠲᠠᠯ᠎ᠠ ᠤᠨᠲᠠᠬᠤ ᠶᠢ ᠪᠠᠲᠤᠯᠠᠬᠤ ᠬᠡᠷᠡᠭᠲᠡᠶ︔ ᠬᠡᠷᠪᠡ ᠰᠢᠯᠭᠠᠭᠤᠯᠤᠭᠴᠢ ᠶᠢᠨ ᠪᠠᠴᠢᠮ ᠲᠤᠰᠠᠯᠠᠮᠵᠢ ᠭᠤᠶᠤᠬᠤ ᠳᠤ ᠭᠦᠷᠪᠡᠯ᠂ ᠲᠤᠰᠠᠯᠠᠮᠵᠢ ᠦᠵᠡᠭᠦᠯᠵᠦ᠂ ᠲᠡᠳᠡᠨ ᠳᠤ ᠬᠠᠪᠰᠤᠷᠤᠯᠭ᠎ᠠ ᠪᠠ ᠬᠠᠶᠢᠷ᠎ᠠ ᠬᠠᠯᠠᠮᠵᠢ ᠦᠵᠡᠭᠦᠯᠦᠭᠡᠷᠡᠶ᠃    ᠳᠥᠷᠪᠡ᠂ ᠬᠠᠶᠢᠷ᠎ᠠ ᠬᠠᠯᠠᠮᠵᠢ ᠶᠢᠨ ᠤᠶᠢᠯᠡᠴᠢᠯᠡᠭᠡ᠂ ᠪᠣᠯᠪᠠᠰᠤᠨ ᠢᠶᠠᠷ ᠰᠢᠯᠭᠠᠯᠲᠠ ᠳᠤ ᠪᠠᠷ᠎ᠠ ᠪᠣᠯᠬᠤ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠶᠢᠨ ᠬᠡᠷ ᠤᠨ ᠠᠬᠠᠮᠠᠳ ᠰᠢᠯᠭᠠᠯᠲᠠ ᠶᠢᠨ ᠴᠡᠭ ᠤᠨ ᠡᠭᠦᠳᠡᠨ ᠳᠤ ᠴᠤᠭᠯᠠᠷᠠᠬᠤ ᠥᠬᠡᠶ᠂ ᠶᠡᠭᠡ ᠲᠠᠭᠤᠨ ᠢᠶᠠᠷ ᠦᠶ᠋ᠮᠡᠯᠳᠦᠬᠦ ᠥᠬᠡᠶ᠂ ᠰᠢᠯᠭᠠᠯᠲᠠ ᠶᠢᠨ ᠴᠡᠭ ᠠᠴᠠ ᠬᠤᠯᠠ ᠪᠠᠶᠢᠵᠤ᠂ ᠰᠠᠯᠵᠤ ᠬᠦᠯᠢᠶᠡᠵᠦ᠂ ᠰᠢᠯᠭᠠᠭᠤᠯᠤᠭᠴᠢ ᠨᠢᠭᠡᠪᠦᠷᠢ ᠶᠢᠨ ᠰᠢᠯᠭᠠᠯᠲᠠ ᠶᠢᠨ ᠴᠡᠭ ᠲᠤ ᠤᠷᠤᠭᠰᠢᠲᠠᠶ ᠣᠷᠣᠵᠤ ᠭᠠᠷᠬᠤ ᠶᠢ ᠪᠠᠲᠤᠯᠠᠬᠤ ᠬᠡᠷᠡᠭᠲᠡᠶ︔    ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠬᠡᠤᠬᠡᠳ ᠤᠨ ᠠᠮᠢᠳᠤᠷᠠᠯ ᠤᠨ ᠬᠠᠮᠤᠭ ᠤᠨ ᠴᠢᠬᠤᠯᠠ ᠡᠷᠭᠢᠯᠲᠡ ᠮᠥᠨ᠃ ᠰᠢᠯᠭᠠᠭᠤᠯᠤᠭᠴᠢ ᠨᠢᠭᠡᠪᠦᠷᠢ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠤ᠂ ᠰᠢᠯᠭᠠᠯᠲᠠ ᠳᠤ ᠰᠡᠳᠬᠢᠯ ᠠᠭᠤᠵᠢᠷᠠᠲᠠᠯ᠎ᠠ ᠣᠷᠣᠯᠴᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠪᠠᠰᠠ ᠴᠤ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠤᠨ ᠠᠮᠢᠳᠤᠯᠢᠭ ᠢᠯᠡᠷᠡᠯ ᠮᠥᠨ᠃ ᠪᠢᠳᠡ ᠭᠠᠷ ᠭᠠᠷ ᠢᠶᠠᠨ ᠬᠤᠯᠪᠣᠯᠴᠠᠨ ᠬᠠᠶᠢᠷ᠎ᠠ ᠰᠡᠳᠬᠢᠯᠭᠡ ᠪᠠᠨ ᠡᠷᠭᠦᠵᠦ᠂ ᠰᠢᠯᠭᠠᠭᠤᠯᠤᠭᠰᠠᠳ ᠤᠨ ᠠᠶᠠᠯᠠᠯ ᠢ ᠬᠠᠮᠠᠭᠠᠯᠠᠵᠤ᠂ ᠬᠡᠦᠬᠡᠳ ᠤᠨ ᠬᠦᠰᠡᠯ ᠵᠡᠭᠦᠳᠦ ᠶᠢ ᠲᠡᠷᠭᠡᠯᠰᠢᠭᠦᠯᠵᠦ᠂ ᠭᠡᠷ ᠪᠦᠯᠢ ᠨᠢᠭᠡᠪᠦᠷᠢ ᠶᠢᠨ ᠬᠦᠰᠡᠯ ᠡᠷᠡᠮᠡᠯᠵᠡᠯ ᠪᠠ ᠢᠷᠡᠭᠡᠳᠦᠢ ᠶᠢ ᠴᠣᠭᠴᠠᠯᠠᠶ᠎ᠠ᠃ ᠲᠠᠨ ᠤ ᠣᠶᠢᠯᠠᠭᠠᠵᠤ ᠬᠠᠮᠵᠢᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕                              ᠰᠢᠨ᠎ᠡ ᠴᠠᠭ ᠦᠶ᠎ᠡ ᠶᠢᠨ ᠪᠣᠯᠪᠠᠰᠤᠨ  ᠤᠶᠢᠯᠡᠳᠤᠯᠭᠡ ᠶᠢᠨ                                         ᠤᠶᠢᠯᠡᠴᠢᠯᠡᠭᠡᠨ ᠤ ᠲᠦᠪ                             2023 ᠣᠨ ᠤ 6 ᠰᠠᠷ᠎ᠠ ᠶᠢᠨ 4 ᠤ ᠡᠳᠦᠷ
 
ᠢᠷᠡᠯᠲᠡ᠄ ᠰᠢᠨ᠎ᠡ ᠴᠠᠭ ᠦᠶ᠎ᠡ ᠶᠢᠨ ᠪᠣᠯᠪᠠᠰᠤᠨ  ᠤᠶᠢᠯᠡᠳᠤᠯᠭᠡ ᠶᠢᠨ ᠤᠶᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2