ᠤᠯᠠᠭᠠᠨᠴᠠᠪ ᠬᠤᠲᠠ ᠶᠢᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/6/8
 2023 ᠣᠨ ᠤ ᠳᠡᠭᠡᠳᠦ ᠰᠤᠷᠭᠠᠭᠤᠯᠢ ᠳᠤ  ᠰᠤᠷᠤᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠡᠯᠰᠡᠬᠦ ᠰᠢᠯᠭᠠᠯᠲᠠ ᠤᠳᠠᠯ ᠦᠭᠡᠶ ᠪᠣᠯᠬᠤ ᠭᠡᠵᠦ ᠪᠠᠶᠢᠨ᠎ᠠ᠂  ᠲᠠᠭᠤᠨ ᠤ ᠪᠣᠬᠢᠷᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠤᠭᠰᠠᠳ ᠲᠤ ᠰᠢᠯᠭᠠᠯᠲᠠ ᠪᠠ ᠠᠮᠠᠷᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ   ᠰᠢᠳᠭᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠥᠬᠦ ᠣᠷᠣᠨ ᠲᠣᠭᠤᠷᠢᠭ ᠲᠤ ᠲᠣᠭᠲᠠᠭᠠᠯ ᠢ ᠵᠥᠷᠢᠴᠡᠨ ᠬᠤᠸᠠᠷ ᠫᠤᠤᠵᠢᠩ ᠲᠠᠯᠪᠢᠭᠰᠠᠨ  ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠤᠷᠢᠯᠡᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠠᠯᠪᠢᠬᠤ ᠶᠢ ᠴᠠᠭᠠᠵᠠᠯᠠᠬᠤ ᠣᠷᠣᠨ    ᠪᠦᠬᠦ ᠬᠤᠲᠠ ᠶᠢᠨ ᠬᠡᠪᠴᠢᠶᠡᠨ ᠳᠤ᠃    ᠬᠤᠶᠠᠷ᠂ ᠭᠤᠤᠯᠳᠠᠯᠭ᠎ᠠ ᠲᠠᠢ ᠴᠠᠭ    ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ 6 ᠰᠠᠷ᠎ᠠ ᠶᠢᠨ 9 ᠤ ᠡᠳᠦᠷ᠂ 6 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠃    ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠪᠦᠬᠦ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠠᠷᠠᠳ ᠤᠨ ᠪᠦᠯᠬᠦᠮ ᠤᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠲᠣᠰ ᠵᠠᠷᠯᠠᠯ ᠤᠨ ᠡᠯ᠎ᠡ ᠵᠤᠶᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠵᠠᠷᠯᠠᠯ ᠤᠨ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠢᠵᠠᠭᠠᠷᠯᠠᠭᠰᠠᠨ ᠴᠠᠭ ᠪᠠ ᠣᠷᠣᠨ ᠪᠦᠰᠡ ᠶᠢᠨ ᠳᠣᠲᠣᠷ᠎ᠠ ᠬᠤᠸᠠᠷ ᠫᠤᠤᠵᠢᠩ ᠲᠠᠯᠪᠢᠬᠤ ᠥᠬᠡᠶ ᠪᠠᠶᠢᠬᠤ ᠶᠢᠨ ᠬᠠᠮᠲᠤ ᠳᠡᠷᠭᠡᠳᠡᠬᠢ ᠬᠥᠮᠦᠰ ᠢᠶᠠᠨ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠢᠯᠭᠠᠭᠤᠯᠤᠭᠰᠠᠳ ᠤᠨ ᠯᠠᠪᠯᠠᠯᠲᠠ ᠪᠣᠯᠭᠠᠬᠤ ᠳᠤ ᠬᠠᠮᠲᠤ ᠪᠠᠷ ᠬᠦᠴᠦᠨ ᠨᠡᠮᠡᠷᠢᠯᠡᠬᠦ ᠬᠡᠷᠡᠭᠲᠡᠶ᠃    ︵ᠬᠤᠶᠠᠷ︶ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ  ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠵᠦ᠂ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃    ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠢ ᠦᠨᠳᠦᠰᠦᠯᠡᠪᠡᠯ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠭᠠᠵᠠᠷ ᠲᠤ ᠬᠤᠸᠠᠷ ᠫᠤᠤᠵᠢᠩ ᠲᠠᠯᠪᠢᠭᠰᠠᠨ᠂ ᠡᠰᠡᠬᠦᠯ᠎ᠡ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠦᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠷᠭ᠎ᠠ ᠮᠠᠶ᠋ᠢᠭ ᠢᠶᠠᠷ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠸᠠᠷ ᠫᠤᠤᠵᠢᠩ ᠲᠠᠯᠪᠢᠬᠤ ᠶᠢ ᠨᠢ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠭᠦᠨ᠎ᠡ᠃    ᠲᠠᠪᠤ᠂ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ    ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ᠂ ᠢᠯᠡᠴᠢᠯᠡᠨ ᠮᠡᠳᠡᠭᠦᠯᠬᠦ ᠤᠲᠠᠰᠤ 110 ᠪᠠᠶᠢᠬᠤ ᠡᠷᠬᠡ ᠲᠠᠢ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ                                       ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                          2023 ᠣᠨ ᠤ 6 ᠰᠠᠷ᠎ᠠ ᠶᠢᠨ 5 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2