ᠮᠠᠩᠬᠠᠨ ᠪᠠᠯᠭᠠᠰᠤᠨ ᠤ ᠳ᠋ᠦᠩ ᠭᠸᠤ ᠮᠧᠨ ᠲᠣᠰᠬᠤᠨ᠄ ᠬᠦᠷᠢᠶᠡᠨ ᠤ ᠠᠵᠤ ᠠᠬᠤᠢ ᠶᠢ ᠬᠥᠭᠵᠢᠭᠦᠯᠵᠦ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/6/8
  ᠤᠢᠢᠷ᠎ᠠ ᠶᠢᠨ ᠵᠢᠯ ᠠᠴᠠ᠂ ᠮᠠᠩᠬᠠᠨ ᠪᠠᠯᠭᠠᠰᠤᠨ ᠤ ᠳ᠋ᠦᠩ ᠭᠸᠤ ᠮᠧᠨ ᠲᠣᠰᠬᠤᠨ ᠲᠣᠰᠬᠤᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠠᠷᠢᠶᠠᠴᠢᠨ ᠡᠷᠦᠬᠡ ᠶᠢᠨ  ᠬᠦᠷᠢᠶ᠎ᠡ ᠬᠠᠰᠢᠶ᠎ᠠ ᠪᠠᠷ ᠠᠴᠢᠶᠠᠯᠠᠪᠤᠷᠢ ᠪᠣᠯᠭᠠᠵᠤ᠂ ᠥᠪᠡᠷ ᠤᠨ ᠣᠷᠣᠨ ᠰᠠᠭᠤᠴᠠ ᠶᠢᠨ ᠬᠦᠷᠢᠶ᠎ᠡ ᠬᠠᠰᠢᠶ᠎ᠠ᠂ ᠭᠡᠷ ᠤᠨ ᠠᠷᠤ ᠲᠠᠯ᠎ᠠ ᠶᠢᠨ ᠰᠤᠯᠠ ᠭᠠᠵᠠᠷ ᠰᠢᠷᠣᠢ ᠪᠣᠯᠤᠨ ᠰᠤᠯᠠ ᠰᠡᠯᠡᠭᠦᠦ ᠡᠬᠢ ᠪᠠᠶᠠᠯᠢᠭ ᠢᠶᠠᠨ ᠠᠰᠢᠭᠯᠠᠨ ᠠᠳᠠᠯᠢ ᠪᠤᠰᠤ ᠲᠦᠷᠦᠯ ᠬᠡᠯᠪᠡᠷᠢ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠲᠠᠷᠢᠬᠤ ᠪᠤᠶᠤ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠪᠠᠶᠠᠵᠢᠭᠤᠯᠬᠤ ᠰᠠᠶᠢᠨ ᠬᠠᠪᠰᠤᠷᠤᠭᠴᠢ ᠪᠣᠯᠭᠠᠪᠠ᠃
       ᠳ᠋ᠦᠩ ᠭᠸᠤ ᠮᠧᠨ ᠲᠣᠰᠬᠤᠨ ᠯᠢᠶᠠᠩᠴᠧᠩ ᠰᠢᠶᠠᠨ ᠤ ᠪᠠᠷᠠᠭᠤᠨ ᠬᠤᠶᠢᠲᠤ ᠬᠡᠰᠡᠭ᠂ ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠪᠠᠷᠠᠭᠤᠨ ᠪᠡᠶ᠎ᠡ ᠪᠠᠷ ᠢᠶᠠᠨ ᠬᠥᠬᠡᠬᠤᠲᠠ᠂ ᠬᠤᠷᠢᠨᠭᠡᠷ ᠰᠢᠶᠠᠨ ᠤ ᠱᠧᠩ ᠯᠧ ᠪᠠᠯᠭᠠᠰᠤ ᠲᠠᠢ ᠬᠥᠷᠰᠢᠯᠡᠵᠦ ᠪᠤᠢ᠃ ᠭᠠᠵᠠᠷ ᠵᠦᠢ ᠶᠢᠨ ᠳᠠᠪᠠᠭᠤᠯᠢᠭ ᠪᠠᠶᠢᠷᠢᠰᠢᠯ ᠳᠤ ᠲᠦᠰᠢᠭᠯᠡᠨ᠂ ᠳ᠋ᠦᠩ ᠭᠸᠤ ᠮᠧᠨ ᠲᠣᠰᠬᠤᠨ ᠤ ᠬᠢᠨ ᠠᠵᠤ ᠦᠢᠯᠡᠰ ᠤᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠴᠢᠳ ᠤᠨ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠶᠢ ᠠᠯᠬᠤᠮ ᠠᠯᠬᠤᠮ ᠢᠶᠠᠷ ᠬᠤᠪᠢᠷᠠᠭᠤᠯᠵᠤ᠂ ᠬᠥᠳᠡᠭᠡ ᠲᠣᠰᠬᠤᠨ ᠢ ᠥᠩᠭᠡᠷᠡᠭᠰᠡᠨ ᠤ ᠡᠪᠳᠡᠷᠡᠵᠦ ᠴᠤᠴᠠᠷᠠᠭᠰᠠᠨ᠂ ᠡᠵᠡᠭᠦᠢ ᠡᠪᠡᠰᠦ ᠪᠠᠭᠰᠢᠷᠠᠨ ᠤᠷᠭᠤᠭᠰᠠᠨ ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠪᠠᠶᠢᠭᠰᠠᠨ ᠠᠴᠠ ᠨᠢ ᠤᠳᠤ ᠶᠢᠨ ︽ᠭᠤᠸᠠ ᠵᠢᠮᠢᠰ ᠠᠩᠬᠢᠯᠤᠮ᠎ᠠ ᠦᠨᠦᠷ ᠬᠠᠩᠬᠤᠯᠵᠤ᠂ ᠨᠣᠭᠤᠭᠠᠨ ᠦᠩᠭᠡ ᠪᠠᠷ ᠳᠦᠭᠦᠷᠦᠭᠰᠡᠨ︾ ᠠᠮᠢ ᠠᠬᠤᠢ ᠶᠢᠨ ᠭᠡᠷ ᠣᠷᠣᠨ ᠪᠣᠯᠭᠠᠭᠰᠠᠨ ᠪᠠᠶᠢᠨ᠎ᠠ᠃ ᠳ᠋ᠦᠩ ᠭᠸᠤ ᠮᠧᠨ ᠲᠣᠰᠬᠤᠨ ᠳᠤ ᠬᠦᠷᠬᠦ ᠳᠤ᠂ ᠬᠥᠳᠡᠭᠡ ᠲᠣᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ ᠨᠢᠳᠦᠨ ᠳᠤ ᠲᠣᠳᠣᠷᠠᠵᠤ ᠂ ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ ᠨᠢ ᠴᠡᠪᠡᠷ ᠴᠡᠮᠴᠡᠭᠡᠷ ᠪᠠᠶᠢᠵᠤ᠂ ᠭᠡᠷ ᠤᠨ ᠠᠷᠤ ᠥᠪᠥᠷ ᠲᠤ ᠨᠣᠭᠤᠭᠠᠨ ᠮᠣᠳᠣ ᠪᠦᠷᠬᠦᠵᠦ᠂ ᠬᠦᠢᠯᠡᠰᠦᠨ ᠮᠣᠳᠣ᠂ ᠤᠯᠠᠭᠠᠨ ᠬᠦᠢᠯᠡᠰᠦᠨ ᠮᠣᠳᠣ᠂ ᠢᠩᠲᠣᠣᠷ ᠤᠨ ᠮᠣᠳᠣ ᠪᠠᠶᠢᠬᠤ ᠶᠣᠰᠣᠲᠠᠢ ᠪᠦᠬᠦᠨ ᠢᠶᠠᠷ ᠢᠶᠠᠨ ᠪᠠᠶᠢᠵᠤ᠂ ᠬᠦᠯᠡᠮᠵᠢ ᠶᠢᠨ ᠳᠣᠲᠣᠷᠠᠬᠢ ᠤᠰᠤᠨ ᠯᠤᠤᠪᠠᠩ᠂ ᠬᠥᠨᠳᠡᠶ ᠨᠣᠭᠤᠭ᠎ᠠ ᠶᠢᠨ ᠤᠷᠭᠤᠴᠠ ᠨᠢ ᠬᠥᠮᠦᠨ ᠢ ᠪᠠᠶᠠᠰᠬᠠᠵᠤ᠂ ᠦᠬᠡᠷ ᠤᠨ ᠰᠠᠷᠠᠪᠴᠢᠨ ᠳᠠᠬᠢ ᠦᠬᠡᠷ ᠨᠡᠷᠡᠨ ᠳᠤ ᠲᠠᠭᠠᠲᠠᠢ ᠡᠭᠡᠭᠡᠵᠦ ᠪᠠᠶᠢᠯ᠎ᠠ᠃
 
 
 ᠳ᠋ᠦᠩ ᠭᠸᠤ ᠮᠧᠨ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠯᠢ ᠪᠦᠦ ᠬᠤᠸᠠ᠄ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠬᠤ ᠶᠢ ᠲᠠᠭᠠᠯᠳᠤᠨ᠂ 2018 ᠣᠨ ᠠᠴᠠ ᠨᠠᠰᠢ᠂ ᠮᠠᠨ ᠤ ᠲᠣᠰᠬᠤᠨ ᠳᠤ ᠵᠢᠯ ᠪᠦᠷᠢ 10 ᠭᠠᠷᠤᠢ ᠡᠷᠦᠬᠡ ᠨᠤᠲᠤᠭ ᠲᠠᠭᠠᠨ ᠪᠤᠴᠠᠵᠤ ᠦᠢᠯᠡᠰ ᠪᠤᠰᠬᠠᠵᠦ᠂ ᠤᠳᠤ ᠨᠢᠭᠡᠨᠲᠡ ᠬᠡᠪᠴᠢᠶᠡᠵᠢᠭᠰᠡᠨ ᠦᠬᠡᠷ ᠤᠨ ᠦᠢᠯᠡᠳᠪᠦᠷᠢ᠂ ᠬᠤᠨᠢᠨ ᠤ ᠦᠢᠯᠡᠳᠪᠦᠷᠢ᠂ ᠢᠳᠡᠰᠢᠨ ᠨᠣᠭᠤᠭᠠᠨ ᠤ ᠬᠦᠯᠡᠮᠵᠢ ᠲᠠᠢ ᠪᠤᠯᠵᠤ᠂ ᠬᠦᠷᠢᠶᠡᠨ ᠤ ᠠᠵᠤ ᠠᠬᠤᠢ ᠴᠤ ᠥᠷᠨᠢᠭᠦᠨ ᠬᠥᠭᠵᠢᠵᠦ ᠪᠠᠶᠢᠨ᠎ᠠ᠃ ᠬᠤᠶᠢᠰᠢᠳᠠ ᠪᠢᠳᠠ ᠬᠦᠳᠦᠯᠦᠨ ᠵᠢᠯᠣᠭᠤᠳᠴᠤ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ 2025 ᠣᠨ ᠠᠴᠠ ᠡᠮᠦᠨ᠎ᠡ ᠬᠦᠷᠢᠶᠡᠨ ᠤ ᠠᠵᠤ ᠠᠬᠤᠢ ᠶᠢ ᠪᠦᠬᠦᠨ ᠢ ᠪᠦᠷᠬᠦᠬᠦᠯᠬᠦ ᠪᠠᠷ ᠴᠢᠷᠮᠠᠶᠢᠵᠤ᠂ ᠪᠦᠬᠦ ᠲᠣᠰᠬᠤᠨ ᠤ ᠠᠵᠤ ᠠᠬᠤᠢ ᠶᠢᠨ ᠰᠠᠶᠢᠨ ᠰᠠᠶᠢᠬᠠᠨ ᠬᠥᠭᠵᠢᠯᠲᠡ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
   ᠵᠢᠵᠢᠭ ᠬᠦᠷᠢᠶ᠎ᠡ ᠬᠠᠰᠢᠶ᠎ᠠ ᠳᠤ ᠬᠥᠳᠡᠭᠡ ᠲᠣᠰᠬᠤᠨ ᠤ ᠬᠥᠭᠵᠢᠯᠲᠡ ᠶᠢᠨ ᠯᠤᠲᠤ ᠶᠡᠭᠡ ᠳᠠᠯᠳᠠ ᠬᠦᠴᠦᠨ ᠬᠠᠳᠠᠭᠠᠯᠠᠭᠳᠠᠵᠤ ᠪᠠᠶᠢᠳᠠᠭ᠃ ᠳ᠋ᠦᠩ ᠭᠸᠤ ᠮᠧᠨ ᠲᠣᠰᠬᠤᠨ ᠤ ᠬᠢᠨ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠢ ᠤᠶᠠᠯᠳᠤᠭᠤᠯᠵᠤ᠂ ᠤᠤᠯ ᠤᠨ ᠡᠩ ᠤᠨ ᠪᠠᠶᠢᠭᠰᠠᠨ ᠬᠦᠷᠢᠶᠡᠨ ᠤ ᠬᠦᠷᠢᠶ᠎ᠡ ᠶᠢ ᠨᠡᠩ ᠪᠠᠶᠠᠯᠢᠭ ᠰᠠᠶᠢᠬᠠᠨ ᠪᠣᠯᠭᠠᠵᠤ᠂ ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠶᠢ ᠵᠢᠩᠬᠢᠨᠢ ︽ᠪᠠᠶᠠᠵᠢᠯ ᠤᠨ ᠬᠦᠷᠢᠶᠡᠯᠡᠩ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠩ ᠤᠯᠠᠨ᠂ ᠨᠡᠩ ᠤᠳᠠᠭᠠᠨ ᠳᠠᠭᠠᠭᠠᠮᠠᠭᠠᠢ ᠠᠮᠢᠵᠢᠷᠠᠯ ᠤᠨ ᠬᠦᠴᠦᠨ ᠢ ᠬᠥᠭᠵᠢᠭᠡᠨ ᠪᠠᠳᠠᠷᠠᠭᠤᠯᠵᠠᠢ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2