ᠯᠢᠦ ᠶᠢᠨ ᠲᠤᠤ ᠳᠡᠭᠡᠳᠦ ᠰᠤᠷᠭᠠᠭᠤᠯᠢ ᠳᠤ  ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/8
  ᠪᠠᠰᠠ ᠨᠢᠭᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠯᠠᠷᠢᠯ ᠪᠣᠯᠤᠨ᠎ᠠ᠂ 6 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠮᠠᠨ ᠤ ᠰᠢᠶᠠᠨ ᠤ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠳᠡ ᠬᠢᠵᠦ᠂ ᠰᠢᠶᠠᠨ ᠤ ᠤᠳᠤᠷᠢᠳᠤᠯᠭ᠎ᠠ ᠵᠧᠩ ᠶᠠᠨ ᠹᠠᠩ᠂ ᠶᠠᠩ ᠬᠤᠩ ᠣᠷᠣᠯᠴᠠᠪᠠ᠃    ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠯᠢᠦ ᠶᠢᠨ ᠲᠤᠤ ᠲᠠᠯᠠᠪᠤᠷ ᠲᠤ ᠣᠷᠣᠬᠤ ᠠᠮᠤᠷ ᠲᠦᠪᠰᠢᠨ ᠤ ᠪᠠᠶᠢᠴᠠᠭᠠᠯᠲᠠ ᠶᠢᠨ ᠲᠥᠬᠦᠭᠡᠷᠦᠮᠵᠢ ᠪᠣᠯᠤᠨ ᠰᠢᠯᠭᠠᠯᠲᠠ ᠶᠢᠨ ᠴᠡᠭ ᠤᠨ ᠸᠢᠳᠢᠣ᠋ ᠪᠠᠷ ᠬᠢᠨᠠᠨ ᠡᠵᠡᠮᠳᠡᠬᠦ ᠲᠠᠰᠤᠭ ᠵᠡᠷᠭᠡ ᠲᠠᠯᠠᠪᠤᠷ ᠢ ᠨᠠᠷᠢᠨ ᠬᠢᠨᠠᠮᠠᠭᠠᠢ ᠪᠠᠶᠢᠴᠠᠭᠠᠵᠤ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠠᠵᠢᠯᠳᠠᠨ ᠤ ᠲᠤᠬᠢᠷᠠᠭᠤᠯᠤᠯᠳᠠ᠂ ᠬᠤᠭᠤᠯᠠ ᠬᠤᠨᠤᠭ ᠤᠨ ᠪᠠᠲᠤᠯᠠᠭ᠎ᠠ᠂ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃    ᠯᠢᠦ ᠶᠢᠨ ᠲᠤᠤ ᠬᠡᠯᠡᠬᠦ ᠳᠡᠭᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠰᠤᠷᠭᠠᠨ ᠬᠥᠮᠦᠵᠢᠯ ᠤᠨ ᠠᠵᠢᠯ ᠤᠨ ᠳᠤᠮᠳᠠᠬᠢ ᠶᠡᠭᠡ ᠶᠠᠪᠤᠳᠠᠯ ᠮᠥᠨ᠂ ᠪᠠᠰᠠ ᠴᠤ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠠᠵᠢᠯ ᠮᠥᠨ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭ᠊ ᠭᠦᠢᠴᠡᠳᠭᠡᠵᠦ᠂ ᠨᠢᠭᠲᠠ ᠬᠠᠮᠵᠢᠯᠴᠠᠨ᠂ ᠪᠥᠬᠦ ᠬᠦᠴᠦᠨ ᠢᠶᠠᠷ ᠢᠶᠠᠨ ᠡᠯ᠎ᠡ ᠵᠦᠶ᠋ᠯ ᠤᠨ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠰᠢᠯᠭᠠᠯᠲᠠ ᠶᠢᠨ ᠶᠠᠪᠤᠳᠠᠯ ᠤᠨ ᠲᠤᠬᠢᠷᠠᠭᠤᠯᠤᠯᠳᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠱᠤᠤᠭᠢᠶᠠᠨ ᠢ ᠵᠠᠰᠠᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ᠂ ᠴᠠᠬᠢᠯᠭᠠᠨ ᠬᠠᠩᠭᠠᠬᠤ ᠤᠰᠤ ᠬᠠᠩᠭᠠᠬᠤ ᠵᠡᠷᠭᠡ ᠪᠠᠲᠤᠯᠠᠭ᠎ᠠ ᠶᠢᠨ ᠠᠵᠢᠯ ᠢ ᠨᠠᠷᠢᠨ ᠪᠣᠳᠠᠲᠠᠢ ᠰᠠᠶᠢᠲᠤᠷ ᠠᠳᠬᠤᠵᠤ᠂ ᠥᠷᠭᠡᠨ ᠤᠯᠠᠨ ᠰᠢᠯᠭᠠᠭᠤᠯᠤᠭᠴᠢ ᠳᠤ ᠠᠮᠤᠷ ᠲᠦᠪᠰᠢᠨ᠂ ᠲᠠᠭᠠᠯᠠᠮᠵᠢᠲᠠᠢ᠂ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠬᠦ ᠬᠡᠷᠡᠭᠲᠡᠢ︔ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠰᠢᠯᠭᠠᠯᠲᠠ ᠶᠢᠨ ᠶᠠᠪᠤᠳᠠᠯ ᠤᠨ ᠶᠠᠪᠤᠴᠠ ᠶᠢ ᠵᠢᠷᠤᠮᠵᠢᠭᠤᠯᠵᠤ᠂ ᠰᠢᠯᠭᠠᠯᠲᠠ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2