2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠮᠠᠨ ᠤ ᠰᠢᠶᠠᠨ ᠤ 574 ᠰᠣᠷᠣᠭᠴᠢ ᠰᠢᠯᠭᠠᠯᠲᠠ ᠶᠢᠨ ᠲᠠᠯᠠᠪᠠᠶ ᠳᠤ ᠣᠴᠢᠬᠤ ᠪᠠᠷ ᠪᠣᠶ
ᠨᠡᠶᠢᠲᠡᠯᠡᠭᠰᠡᠨ ᠴᠠᠭ᠄
2023/6/8
   ᠡᠨᠡ ᠡᠳᠦᠷ ᠤᠨ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠵᠢᠩᠬᠢᠨᠢ ᠪᠠᠷ ᠡᠬᠢᠯᠡᠪᠡ︕ ︽ᠠᠷᠪᠠᠨ ᠵᠢᠯ ᠤᠨ ᠬᠠᠲᠠᠭᠤᠵᠢᠯᠲᠠᠶ ᠰᠤᠷᠤᠯᠴᠠᠯᠭ᠎ᠠ ᠶᠢᠨ ᠡᠳᠦᠷ᠂ ᠠᠯᠲᠠᠨ ᠰᠠᠮᠪᠠᠷ᠎ᠠ ᠳᠤ ᠨᠡᠷ᠎ᠡ ᠭᠠᠷᠬᠤ ᠶᠢ ᠯᠠ ᠬᠦᠰᠡᠨ ᠮᠥᠷᠥᠭᠡᠳᠬᠦ ᠴᠠᠭ︾᠂ ᠡᠨᠡ ᠡᠳᠦᠷ ᠤᠨ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠥᠰᠢᠭᠡ ᠵᠢᠩᠬᠢᠨᠢ ᠪᠠᠷ ᠡᠬᠢᠯᠡᠪᠡ︕ ᠮᠠᠨ ᠤ ᠰᠢᠶᠠᠨ ᠤ 574 ᠰᠢᠯᠭᠠᠭᠤᠯᠤᠭᠴᠢ ᠬᠦᠰᠡᠯ ᠵᠡᠭᠦᠳᠦ ᠪᠠᠨ ᠡᠪᠦᠷᠯᠡᠨ ᠰᠢᠯᠭᠠᠯᠲᠠ ᠶᠢᠨ ᠲᠠᠯᠠᠪᠠᠶ ᠳᠤ ᠬᠦᠷᠴᠦ᠂ ᠬᠥᠮᠦᠨ ᠤ ᠠᠮᠢᠳᠤᠷᠠᠯ ᠤᠨ ᠨᠢᠭᠡ ᠤᠳᠠᠭᠠᠨ ᠤ ᠴᠢᠬᠤᠯᠠ ᠰᠢᠯᠭᠠᠯᠲᠠ ᠶᠢ ᠤᠭᠲᠤᠨ ᠠᠪᠴᠢᠷᠠᠯ᠎ᠠ︕
       ᠥᠷᠯᠥᠭᠡ ᠶᠢᠨ 8 ᠴᠠᠭ ᠲᠤ᠂ ᠰᠢᠯᠭᠠᠯᠲᠠ ᠡᠬᠢᠯᠡᠬᠦ ᠠᠴᠠ ᠨᠢᠭᠡ ᠴᠠᠭ ᠤᠨ ᠡᠮᠦᠨ᠎ᠡ᠂  ᠯᠢᠶᠠᠩᠴᠧᠩ ᠰᠢᠶᠠᠨ  ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠲᠤᠬᠠᠶ ᠶᠢᠨ ᠲᠠᠯᠠᠪᠤᠷ ᠲᠤ᠂ ᠰᠢᠯᠭᠠᠭᠤᠯᠤᠭᠴᠢ ᠵᠠᠯᠭᠠᠭ᠎ᠠ ᠪᠠᠷ ᠥᠪᠡᠷ ᠤᠨ ᠢᠲᠡᠭᠡᠯ ᠤᠨ ᠠᠯᠬᠤᠮ ᠢᠶᠠᠷ ᠰᠢᠯᠭᠠᠯᠲᠠ ᠶᠢᠨ ᠴᠡᠭ ᠲᠤ ᠠᠯᠬᠤᠨ ᠣᠷᠣᠵᠤ᠂ ᠢᠷᠡᠭᠡᠳᠦᠶ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠨ᠂ ᠪᠠᠭᠰᠢ ᠨᠠᠶᠢᠵᠠ ᠨᠥᠬᠦᠳ ᠤᠨ ᠢᠶᠠᠨ ᠰᠠᠶᠢᠨ ᠰᠠᠶᠢᠬᠠᠨ ᠵᠥᠩᠨᠡᠯ ᠢ ᠡᠪᠦᠷᠯᠡᠵᠦ᠂ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠡᠮᠬᠢ ᠵᠢᠷᠤᠮ ᠲᠠᠢ ᠪᠠᠷ ᠰᠢᠯᠭᠠᠯᠲᠠ ᠶᠢᠨ ᠲᠠᠯᠠᠪᠤᠷ ᠲᠤ ᠣᠷᠣᠪᠠ᠃ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠤᠶᠤᠨᠲᠤ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡᠨ ᠳᠡᠭᠡᠷ᠎ᠡ ᠨᠢᠭᠡ ᠮᠥᠷ ᠬᠥᠬᠡ ᠮᠠᠶᠢᠬᠠᠨ ᠭᠠᠷᠭᠠᠵᠤ᠂ ᠰᠤᠷᠤᠭᠴᠢᠳ ᠤᠨ ᠲᠦᠷ ᠴᠠᠭ ᠤᠨ ᠨᠠᠷᠠ ᠶᠢ ᠬᠠᠯᠬᠠᠯᠠᠨ ᠬᠠᠯᠠᠭᠤᠨ ᠠᠴᠠ ᠵᠠᠶᠢᠯᠠᠭᠤᠯᠪᠠ᠃
       ᠰᠢᠯᠭᠠᠯᠲᠠ ᠶᠢᠨ ᠴᠡᠭ ᠠᠴᠠ ᠭᠠᠳᠠᠨ᠎ᠠ᠂ ᠰᠢᠯᠭᠠᠯᠲᠠ ᠳᠤ ᠬᠦᠷᠭᠡᠭᠰᠡᠨ ᠬᠡᠷ ᠤᠨ ᠠᠬᠠᠮᠠᠳ ᠵᠠᠬᠢᠵᠤ ᠪᠠᠷᠠᠭᠰᠠᠨ ᠤ ᠳᠠᠷᠠᠭ᠎ᠠ ᠬᠠᠵᠠᠭᠤ ᠳᠤᠨᠢ ᠵᠣᠭᠰᠣᠨ᠂ ᠬᠤᠯᠠ ᠠᠴᠠ ᠬᠡᠤᠬᠡᠳ ᠤᠳ ᠢᠶᠠᠨ ᠰᠢᠯᠭᠠᠯᠲᠠ ᠶᠢᠨ ᠲᠠᠯᠠᠪᠠᠶ ᠳᠤ ᠣᠷᠣᠭᠤᠯᠬᠤ ᠶᠢ ᠬᠠᠷᠠᠵᠤ ᠪᠠᠶᠢᠯ᠎ᠠ᠃ ᠰᠢᠯᠭᠠᠭᠤᠯᠤᠭᠴᠢ ᠶᠢᠨ ᠬᠡᠷ ᠤᠨ ᠠᠬᠠᠮᠠᠳ  ᠬᠤᠣ ᠰᠢᠶᠤᠤ ᠴᠢᠩ᠄ ︽ᠬᠡᠷ ᠤᠨ ᠠᠬᠠᠮᠠᠳ ᠪᠣᠯᠤᠭᠰᠠᠨ ᠤ ᠬᠤᠪᠢ ᠳᠤ᠂ ᠪᠢᠳᠡ ᠬᠡᠤᠬᠡᠳ ᠢᠶᠠᠨ ᠰᠠᠶᠢᠨ ᠢᠳᠡᠭᠦᠯᠵᠦ ᠰᠠᠶᠢᠨ ᠤᠤᠭᠤᠯᠭᠠᠵᠤ ᠰᠠᠶᠢᠨ ᠠᠮᠠᠷᠠᠭᠤᠯᠵᠤ᠂ ᠦᠯᠡᠳᠡᠭᠰᠡᠨ ᠢ ᠨᠢ ᠬᠡᠤᠬᠡᠳ  ᠥᠪᠡᠷ ᠢᠶᠠᠨ ᠪᠠᠳᠠᠷᠠᠭᠤᠯᠬᠤ ᠳᠤ ᠲᠦᠰᠢᠭᠯᠡᠨ᠎ᠡ᠂ ᠮᠥᠨ ᠴᠦ ᠪᠣᠶ ᠪᠥᠬᠦᠶ ᠬᠡᠤᠬᠡᠳ ᠤᠨ ᠰᠠᠶᠢᠨ ᠬᠢᠷᠢ ᠪᠦᠲᠦᠮᠵᠢ ᠤᠯᠬᠤ ᠶᠢ ᠢᠷᠥᠭᠡᠨ᠎ᠡ︾ ᠭᠡᠵᠡᠶ᠃
   ᠬᠦᠯᠢᠴᠡᠩᠭᠦᠶ ᠪᠠᠷ ᠬᠦᠯᠢᠶᠡᠳᠡᠭ ᠬᠡᠷ ᠤᠨ ᠠᠬᠠᠮᠠᠳ ᠠᠴᠠ ᠭᠠᠳᠠᠨ᠎ᠠ᠂ ᠪᠠᠰᠠ ᠨᠢᠭᠡ ᠪᠦᠯᠦᠭ ᠦᠭᠡ ᠲᠠᠭᠤᠨ ᠥᠬᠡᠶ ᠪᠠᠷ ᠵᠣᠷᠢᠭᠤᠯᠳᠠᠭ ᠬᠥᠮᠦᠰ ᠪᠠᠶᠢᠳᠠᠭ᠃ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠬᠠᠮᠢᠶ᠎ᠠ ᠪᠥᠬᠦᠶ ᠨᠢᠭᠡᠴᠡ ᠶᠢᠨ ᠠᠵᠢᠯᠲᠠᠨ ᠠᠯᠢ ᠡᠷᠲᠡ ᠵᠢᠵᠢᠭᠦᠷᠯᠡᠬᠦ ᠭᠠᠵᠠᠷ ᠲᠠᠭᠠᠨ ᠬᠦᠷᠴᠦ᠂ ᠰᠢᠯᠭᠠᠭᠤᠯᠤᠭᠴᠢ ᠶᠢᠨ ᠲᠠᠯᠠᠪᠤᠷ ᠲᠤ ᠣᠷᠣᠬᠤ᠂ ᠰᠢᠯᠭᠠᠯᠲᠠ ᠶᠢᠨ ᠴᠡᠭ ᠠᠴᠠ ᠭᠠᠳᠠᠨᠠᠬᠢ ᠣᠷᠴᠢᠨ ᠲᠣᠭᠤᠷᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠵᠡᠷᠭᠡ ᠠᠵᠢᠯ ᠳᠤ ᠪᠥᠬᠦ ᠲᠠᠯ᠎ᠠ ᠶᠢᠨ ᠬᠠᠮᠠᠭᠠᠯᠠᠯᠲᠠ ᠥᠷᠨᠢᠭᠦᠯᠪᠡ᠃ ᠵᠠᠷᠢᠮ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠯᠠᠭᠤᠨ ᠰᠡᠳᠬᠢᠯ ᠢᠶᠠᠷ ᠰᠢᠯᠭᠠᠯᠲᠠ ᠬᠦᠷᠭᠡᠬᠦ ᠪᠦᠯᠬᠦᠮ ᠪᠠᠶᠢᠭᠤᠯᠵᠤ᠂ ᠷᠠᠰᠢᠶᠠᠨ ᠤᠰᠤ ᠪᠣᠯᠤᠨ ᠡᠮ ᠤᠨ ᠵᠦᠢᠯ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠬᠦᠷᠭᠡᠵᠦ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠲᠤ ᠡᠷᠴᠢ ᠵᠣᠷᠢᠭ ᠢ ᠨᠢ ᠬᠥᠪᠴᠢᠯᠡᠵᠦ ᠥᠭᠴᠡᠢ᠃
   ᠯᠢᠶᠠᠩᠴᠧᠩ ᠰᠢᠶᠠᠨ ᠤ ᠰᠲᠷᠤᠨᠲ ᠪᠤᠯᠠᠭ ᠤᠨ ᠤᠰᠤᠨ ᠤ  ᠤᠶᠢᠯᠡᠰ ᠤᠨ  ᠤᠶᠢᠯᠡᠳᠭᠦᠨ ᠤ ᠬᠠᠷᠢᠭᠤᠴᠠᠯᠭᠠᠲᠠᠨ ᠴᠧᠨ ᠰᠢᠶᠤᠤ ᠹᠠᠩ ᠬᠡᠯᠡᠬᠦ ᠳᠡᠭᠡᠨ᠄ ︽ᠰᠲᠷᠤᠨᠲ ᠪᠤᠯᠠᠭ ᠤᠨ ᠤᠰᠤᠨ ᠤ  ᠤᠶᠢᠯᠡᠰ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠰᠢᠯᠭᠠᠭᠤᠯᠤᠭᠰᠠᠳ᠂ ᠬᠡᠷ ᠤᠨ ᠠᠬᠠᠮᠠᠳ ᠵᠢᠴᠢ ᠲᠤᠬᠠᠶ ᠶᠢᠨ ᠲᠠᠯᠠᠪᠤᠷ ᠲᠤ ᠪᠠᠶᠢᠭᠰᠠᠨ ᠠᠵᠢᠯᠲᠠᠳ ᠲᠤ  ᠰᠤᠶᠢᠳᠭᠡᠯ ᠬᠤᠷᠢᠶᠠᠬᠤ ᠥᠬᠡᠶ ᠪᠠᠷ ᠤᠤᠭᠤᠬᠤ ᠪᠠᠶᠢᠭᠠᠯᠢ ᠶᠢᠨ ᠤᠰᠤ ᠬᠠᠩᠭᠠᠵᠤ᠂ ᠣᠯᠠᠨ ᠳᠤ ᠵᠣᠨ ᠤ ᠰᠡᠷᠢᠭᠦᠨ ᠢ ᠠᠪᠴᠢᠷᠠᠵᠤ ᠥᠭᠭᠦᠨ᠎ᠡ᠂ ᠰᠢᠯᠭᠠᠭᠤᠯᠤᠭᠰᠠᠳ ᠤᠨ ᠠᠯᠲᠠᠨ ᠰᠠᠮᠪᠠᠷ᠎ᠠ ᠳᠤ ᠨᠡᠷ᠎ᠡ ᠭᠠᠷᠬᠤ ᠶᠢ ᠢᠷᠥᠭᠡᠶ᠎ᠡ︕︾ ᠭᠡᠵᠡᠶ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2