ᠮᠠᠨ ᠤ ᠰᠢᠶᠠᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠤᠶᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯᠯᠠᠭ᠎ᠠ ᠶᠢ ᠵᠠᠯᠭᠠᠭᠠᠪᠡᠷ ᠥᠷᠨᠢᠭᠦᠯᠪᠡ
ᠨᠡᠶᠢᠲᠡᠯᠡᠭᠰᠡᠨ ᠴᠠᠭ᠄
2023/7/12
  ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠰᠢᠶᠠᠩ ︵ᠪᠠᠯᠭᠠᠰᠤ︶ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠵᠤ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠲᠤ ᠰᠤᠶᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯᠯᠠᠭ᠎ᠠ ᠶᠢ ᠵᠠᠯᠭᠠᠭᠠᠪᠡᠷ ᠥᠷᠨᠢᠭᠦᠯᠪᠡ᠃    ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠳᠤ ᠭᠤᠤᠯᠳᠠᠭᠤ ᠴᠢᠰᠤᠨ ᠳᠠᠷᠤᠯᠲᠠ ᠶᠢ ᠬᠡᠮᠵᠢᠬᠦ᠂ ᠴᠢᠰᠤ ᠠᠪᠬᠤ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ ᠵᠡᠷᠭᠡ ᠪᠡᠶ᠎ᠡ ᠶᠢᠨ ᠪᠠᠶᠢᠴᠠᠭᠠᠯᠲᠠ ᠶᠢᠨ ᠲᠥᠷᠥᠯ  ᠵᠤᠶᠢᠯ ᠢ ᠥᠷᠨᠢᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠲᠤᠬᠠᠶ ᠶᠢᠨ ᠲᠠᠯᠠᠪᠤᠷ ᠲᠤᠨᠢ ᠣᠨᠣᠰᠢᠯᠠᠨ ᠡᠮᠨᠡᠬᠦ ᠰᠠᠨᠠᠭᠤᠯᠭ᠎ᠠ ᠳᠤᠷᠠᠳᠴᠤ᠂ ᠨᠢᠭᠡ ᠬᠥᠮᠦᠨ ᠨᠢᠭᠡ ᠲᠠᠩᠰᠠ ᠡᠪᠬᠡᠮᠡᠯ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠨᠠᠰᠤᠲᠠᠶᠢᠴᠤᠳ ᠲᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ ᠤᠳᠠᠭᠠᠨ ᠴᠢᠨᠠᠷᠲᠠᠶ ᠡᠪᠡᠳᠴᠢᠲᠡᠨ ᠳᠤ ᠴᠢᠭᠯᠡᠭᠦᠯᠦᠨ᠂ ᠡᠮ ᠬᠡᠷᠡᠭᠯᠡᠬᠦ ᠵᠢᠯᠣᠭᠤᠳᠣᠯᠭ᠎ᠠ ᠶᠢ ᠵᠢᠷᠤᠮᠵᠢᠭᠤᠯᠬᠤ ᠶᠢᠨ ᠬᠠᠮᠲᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ  ᠤᠶᠢᠯᠡᠴᠢᠯᠡᠭᠡ ᠲᠠᠢ ᠤᠶᠠᠯᠳᠤᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ ᠰᠤᠷᠪᠤᠯᠵᠢᠯᠠᠬᠤ᠂ ᠡᠷᠡᠭᠦᠯ ᠮᠡᠨᠳᠦ ᠶᠢᠨ ᠠᠰᠠᠭᠤᠨ ᠯᠠᠪᠯᠠᠬᠤ ᠪᠠ ᠵᠢᠭᠠᠨ ᠵᠢᠯᠣᠭᠤᠳᠬᠤ ᠵᠡᠷᠭᠡ ᠤᠶᠢᠯᠡᠴᠢᠯᠡᠭᠡ ᠶᠢ ᠥᠷᠨᠢᠭᠦᠯᠵᠦ᠂ ᠨᠠᠰᠤᠲᠠᠶᠢᠴᠤᠳ ᠲᠤ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠲᠥᠷᠥᠯ  ᠵᠤᠶᠢᠯ ᠠᠴᠠ ᠪᠣᠯᠤᠭᠰᠠᠨ ᠪᠣᠳᠠᠲᠤ ᠠᠰᠢᠭ ᠢ ᠦᠨᠡᠨᠬᠦ ᠬᠦᠷᠲᠡᠭᠡᠵᠦ᠂ ᠨᠠᠰᠤᠲᠠᠶᠢᠴᠤᠳ ᠲᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠡᠳ᠋ᠯᠡᠭᠦᠯᠬᠦ ᠶᠢ ᠰᠠᠨᠠᠭᠠᠴᠢᠯᠠᠬᠤ ᠪᠠ ᠬᠥᠲᠥᠯᠦᠨ ᠵᠢᠯᠣᠭᠤᠳᠴᠤ᠂ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠮᠡᠳᠡᠯᠭᠡ ᠶᠢ ᠢᠳᠡᠪᠬᠢᠲᠡᠶ ᠤᠬᠠᠭᠤᠯᠤᠨ᠎ᠠ᠃    ᠵᠧᠦ ᠴᠢᠤᠸᠠᠨ ᠲᠣᠰᠬᠤᠨ ᠤ ᠠᠷᠠᠳ ᠴᠢᠨ ᠰᠠᠨ ᠲᠠᠩ᠄ ︽ᠪᠢ ᠪᠣᠯ ᠨᠢᠭᠡᠨ ᠴᠢᠰᠤᠨ ᠳᠠᠷᠤᠯᠲᠠ ᠥᠨᠳᠥᠷ ᠡᠪᠡᠳᠴᠢᠲᠡᠨ ᠶᠤᠮ᠂ ᠡᠩ ᠤᠨ ᠦᠶ᠎ᠡ ᠳᠤ ᠴᠢᠰᠤᠨ ᠳᠠᠷᠤᠯᠲᠠ 180-190᠂ ᠴᠠᠩ ᠬᠠᠨ ᠶᠢᠩ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠶᠢᠨ ᠲᠣᠭᠲᠠᠭᠰᠠᠨ ᠴᠠᠭ ᠦᠭᠡᠢ ᠪᠠᠷ ᠡᠷᠦᠬᠡ ᠳᠤ ᠣᠷᠣᠵᠤ ᠴᠢᠰᠤᠨ ᠳᠠᠷᠤᠯᠲᠠ ᠪᠠᠨ ᠬᠡᠮᠵᠢᠬᠦ ᠪᠠᠷ ᠳᠠᠮᠵᠢᠵᠤ᠂ ᠶᠠᠭᠠᠬᠢᠵᠤ ᠡᠮ ᠤᠤᠭᠤᠬᠤ᠂ ᠶᠠᠮᠠᠷ ᠡᠮ ᠤᠤᠭᠤᠬᠤ᠂ ᠢᠳᠡᠭᠡᠨ ᠤᠮᠳᠠᠭᠠᠨ ᠤ ᠲᠠᠯ᠎ᠠ ᠪᠠᠷ ᠬᠢ ᠵᠢᠯᠤᠭᠤᠳᠤᠯᠭ᠎ᠠ ᠶᠢ ᠬᠡᠷᠬᠢᠨ ᠠᠩᠬᠠᠷᠬᠤ ᠵᠡᠷᠭᠡ ᠲᠠᠯ᠎ᠠ ᠪᠠᠷ ᠮᠢᠨᠦ ᠴᠢᠰᠤᠨ ᠳᠠᠷᠤᠯᠲᠠ ᠬᠡᠪ ᠤᠨ ᠪᠠᠶᠢᠳᠠᠯ ᠲᠠᠢ ᠪᠠᠶᠢᠨ᠎ᠠ᠂ ᠣᠳᠣᠬᠠᠨ ᠤ ᠲᠦᠷᠦ ᠶᠢᠨ ᠪᠤᠳᠤᠯᠭ᠎ᠠ ᠦᠨᠡᠬᠡᠷ ᠰᠠᠶᠢᠨ᠂ ᠠᠷᠠᠳ ᠲᠦᠮᠡᠨ ᠢ ᠦᠨᠡᠬᠡᠷ ᠬᠠᠯᠠᠮᠵᠢᠯᠠᠵᠤ ᠪᠠᠶᠢᠨ᠎ᠠ᠂ ᠪᠢ ᠮᠠᠨ ᠤ ᠨᠠᠮ ᠪᠣᠯᠤᠨ ᠵᠠᠰᠠᠭ ᠤᠨ ᠣᠷᠳᠣᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃    ᠣᠲᠣ ᠪᠣᠯᠲᠠᠯ᠎ᠠ᠂ ᠪᠥᠬᠦ ᠰᠢᠶᠠᠨ ᠤ ᠡᠯ᠎ᠡ ᠰᠢᠶᠠᠩ ︵ᠪᠠᠯᠭᠠᠰᠤ︶ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠤ ᠨᠠᠰᠤᠲᠠᠶᠢᠴᠤᠳ ᠤᠨ ᠰᠤᠶᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠭᠰᠡᠨ ᠬᠥᠮᠦᠨ ᠨᠡᠶᠢᠲᠡ 8815 ᠪᠠᠶᠢᠨ᠎ᠠ᠃ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠪᠣᠯ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠢᠨᠵᠧᠨᠧᠷᠢᠩ ᠢ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠴᠢᠬᠤᠯᠠ ᠪᠣᠳᠠᠲᠤ ᠶᠠᠪᠤᠳᠠᠯ ᠮᠥᠨ᠂ ᠡᠨᠡ ᠨᠢ ᠪᠥᠬᠦ ᠰᠢᠶᠠᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠵᠢᠴᠢ ᠭᠤᠤᠯᠳᠠᠯᠭ᠎ᠠ ᠲᠠᠢ ᠬᠥᠮᠦᠰ ᠲᠤ ᠠᠰᠢᠭ ᠬᠦᠷᠲᠡᠭᠡᠵᠦ᠂ ᠲᠡᠳᠡᠨ ᠢ ᠲᠣᠰᠬᠤᠨ ᠠᠴᠠ ᠪᠠᠨ ᠭᠠᠷᠬᠤ ᠥᠬᠡᠶ ᠪᠠᠷ ᠡᠮᠴᠢᠯᠡᠭᠡᠨ ᠤ ᠤᠶᠢᠯᠡᠴᠢᠯᠡᠭᠡ ᠬᠦᠷᠲᠡᠭᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠳᠤ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠪᠣᠯᠤᠨ᠎ᠠ᠃                                     ᠨᠠᠶᠢᠷᠠᠭᠤᠯᠤᠭᠴᠢ᠄  ᠯᠢ ᠬᠤᠩ ᠢᠦᠢ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2