ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠪᠦᠷᠢᠨᠰᠢᠬᠦᠯᠵᠤ᠂ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ | ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠤᠢᠢᠷ᠎ᠠ ᠶᠢᠨ ᠵᠢᠯ ᠠᠴᠠ᠂ ᠬᠤᠩ ᠮᠤᠤ ᠪᠠᠯᠭᠠᠰᠤ ᠶᠢᠨ ᠢ ᠬᠠᠢ ᠨᠡᠶᠢᠭᠡᠮ | ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠪᠠᠶᠢᠭᠤᠯᠵᠤ᠂ ᠨᠠᠮ ᠤᠯᠠᠨ | ᠲᠦᠮᠡᠨ ᠬᠠᠮᠲᠤᠪᠠᠷ ᠪᠠᠶᠢᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠡᠪ ᠳᠠᠭᠤᠷᠢᠶᠠᠯ ᠢ ᠬᠦᠴᠦᠯᠡᠨ ᠪᠤᠢ ᠪᠣᠯᠭᠠᠪᠠ᠃ | ᠨᠢᠭᠡ᠂ ᠪᠠᠶᠠᠯᠢᠭ ᠰᠠᠶᠢᠬᠠᠨ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠨᠠᠮ ᠢᠶᠠᠨ ᠬᠠᠶᠢᠷᠠᠯᠠᠬᠤ ᠲᠤᠬᠠᠶ ᠨᠠᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ | | | | | ᠢ ᠬᠠᠶ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ | ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠭᠠᠨ ᠳᠠᠭᠤᠤ ᠶᠢᠨ | ᠴᠤᠭᠯᠠᠭᠠᠨ᠂ ᠬᠤᠪᠢᠰᠬᠠᠯ ᠤᠨ ᠰᠣᠩᠭᠤᠳᠠᠭ ᠤᠷᠠᠨ ᠤᠩᠰᠢᠯᠭ᠎ᠠ᠂ ᠤᠷᠠᠨ ᠰᠠᠶᠢᠬᠠᠨ ᠤ ᠬᠠᠷᠢᠭᠤ ᠲᠣᠭᠯᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠭᠠᠨ ᠥᠩᠭᠡᠲᠦ ᠺᠢᠨᠣ᠋ ᠭᠠᠷᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ | ᠂ ᠡᠬᠡ ᠣᠷᠣᠨᠴᠢ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ | ᠡᠬᠡ ᠣᠷᠣᠨᠴᠢ ᠬᠠᠶᠢᠷ᠎ᠠ ᠰᠡᠳᠬᠢᠯᠭᠡ᠂ ᠦᠨᠳᠦᠰᠦᠲᠡᠨ ᠤ ᠤᠮᠤᠭᠰᠢᠯᠳᠤ ᠰᠡᠳᠬᠢᠯᠭᠡ ᠪᠠ ᠢᠲᠡᠭᠡᠯ ᠵᠣᠷᠢᠭ ᠢ | ᠬᠥᠭᠵᠢᠭᠡᠵᠦ᠂ ᠥᠷᠭᠡᠨ ᠤᠯᠠᠨ ᠰᠠᠭᠤᠭᠠᠯᠢ ᠠᠷᠠᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠢ ᠬᠦᠷᠢᠶᠡᠯᠡᠬᠦ᠂ | ᠰᠢ ᠶᠢᠨ ᠫᠢᠩ ᠶᠡᠷᠦᠩᠬᠡᠶ ᠱᠦᠵᠢ ᠶᠢ ᠬᠦᠷᠢᠶᠡᠯᠡᠬᠦ ᠨᠡᠶᠢᠳᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ | ᠤᠯᠠᠨ ᠲᠦᠮᠡᠨ ᠤ ᠪᠦᠯᠬᠦᠮ ᠬᠠᠪᠰᠤᠷᠤᠨ ᠠᠬᠢᠭᠤᠯᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ︾ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ | ᠃ | ᠬᠤᠶᠠᠷ᠂ ᠠᠮᠢᠳᠤᠷᠠᠯ ᠳᠤ ᠣᠶᠢᠷᠠᠲᠤᠬᠤ ᠪᠠ ᠠᠷᠠᠳ ᠤᠯᠠᠨ ᠤ ᠦᠭᠡ ᠬᠡᠯᠡ ᠪᠠᠷ ᠠᠴᠢᠶᠠᠯᠠᠪᠤᠷᠢ ᠪᠣᠯᠭᠠᠵᠤ᠂ | ᠨᠠᠮ ᠤᠨ ᠡᠨᠡᠷᠢᠯ ᠬᠠᠶᠢᠷ᠎ᠠ ᠶᠢ ᠳᠠᠮᠵᠢᠭᠤᠯᠪᠠ᠃ | | | | | ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠪᠠ ᠤᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠨᠠᠮ ᠤᠨ ᠤᠨᠤᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠣᠨᠣᠪᠴᠢᠲᠠᠶ | ᠡᠵᠡᠮᠰᠢᠭᠦᠯᠵᠦ᠂ ᠢᠮᠠᠭᠲᠠ ᠨᠠᠮ ᠢᠶᠠᠨ ᠲᠠᠭᠠᠬᠤ ᠢᠲᠡᠭᠡᠯ ᠵᠣᠷᠢᠭ ᠢ ᠪᠠᠲᠤᠳᠬᠠᠬᠤ ᠶᠢᠨ ᠲᠥᠯᠥᠭᠡ᠂ ᠢ ᠬᠠᠶ | ᠨᠡᠶᠢᠭᠡᠮ ᠲᠣᠭᠤᠷᠢᠭ ᠤᠨ ᠬᠢᠨ ︽ᠮᠢᠩᠭ᠎ᠠ ᠲᠦᠮᠡᠨ ᠦᠭᠡ ᠪᠠᠷ ᠨᠠᠮ ᠤᠨ ᠠᠴᠢ ᠶᠢ ᠶᠠᠷᠢᠬᠤ︾᠂ ︽ᠭᠤᠷᠪᠠ ᠶᠢ | ᠡᠷᠬᠢᠮᠯᠡᠬᠦ︾ ᠠᠵᠢᠯᠯᠠᠭ᠎ᠠ ᠶᠢ ᠥᠷᠨᠢᠭᠦᠯᠵᠡᠶ᠂ ᠲᠤᠬᠠᠶᠢᠯᠠᠪᠠᠯ ︽ᠨᠠᠮ ᠤᠨ ᠰᠤᠷᠭᠠᠭᠤᠯᠢ ᠶᠢᠨ ᠪᠠᠭᠰᠢ ᠨᠠᠷ ᠤᠨ ᠲᠤᠬᠠᠶ | ᠶᠠᠷᠢᠬᠤ︾᠂ ︽ᠤᠯᠠᠨ ᠲᠦᠮᠡᠨ ᠰᠠᠭᠤᠭᠠᠯᠢ ᠠᠷᠠᠳ ᠤᠨ ᠲᠤᠬᠠᠶ ᠶᠠᠷᠢᠬᠤ︾ ᠪᠠ ︽ᠸᠢᠳᠢᠣ᠋ ᠪᠠᠷ ᠰᠦᠯᠵᠢᠶᠡᠨ | ᠳᠡᠭᠡᠷ᠎ᠡ ᠶᠠᠷᠢᠬᠤ︾ ᠠᠵᠢᠯᠯᠠᠭ᠎ᠠ ᠶᠢ ᠥᠷᠨᠢᠭᠦᠯᠵᠡᠶ᠃ ᠡᠨᠡ ᠨᠢ ᠳᠠᠷᠤᠶ ︽ᠨᠠᠮ ᠤᠨ ᠰᠤᠷᠭᠠᠭᠤᠯᠢ ᠶᠢᠨ ᠪᠠᠭᠰᠢ | ᠨᠠᠷ ᠤᠨ ᠲᠤᠬᠠᠶ ᠶᠠᠷᠢᠬᠤ︾᠂ ︽ᠨᠠᠮ ᠤᠨ ᠰᠤᠷᠭᠠᠭᠤᠯᠢ ᠶᠢᠨ ᠪᠠᠭᠰᠢ ᠨᠠᠷ ᠤᠨ ᠲᠤᠬᠠᠶ ᠶᠠᠷᠢᠬᠤ︾᠂ ︽ᠤᠯᠠᠨ | ᠲᠦᠮᠡᠨ ᠰᠠᠭᠤᠭᠠᠯᠢ ᠠᠷᠠᠳ ᠤᠨ ᠲᠤᠬᠠᠶ ᠶᠠᠷᠢᠬᠤ︾ ᠠᠵᠢᠯᠯᠠᠭ᠎ᠠ ᠪᠣᠯᠤᠨ᠎ᠠ᠃ ︽ᠲᠠᠪᠤᠨ ᠪᠣᠳᠠᠲᠤ ᠶᠠᠪᠤᠳᠠᠯ ᠤᠨ | ᠶᠣᠰᠣ ᠤᠴᠢᠷ︾ ᠢ ᠲᠣᠳᠣᠷᠬᠠᠢ ᠶᠠᠷᠢᠵᠤ᠂ ︽ᠨᠢᠭᠡ ᠳᠠᠩᠰᠠ︾ ᠶᠢ ᠲᠣᠳᠣᠷᠬᠠᠢ ᠶᠠᠷᠢᠵᠤ᠂ ︽ᠪᠦᠬᠦᠨ ᠳᠤ | ᠳᠤᠬᠢᠷᠠᠬᠤ ᠺᠠᠷᠲ︾ ᠢ ᠨᠠᠷᠢᠨ ᠶᠠᠷᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ | ᠪᠠᠶᠢᠭᠠᠳ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ︽ᠨᠠᠮ ᠤᠨ ᠠᠴᠢ ᠲᠤᠰᠠ ᠶᠢ ᠮᠡᠳᠡᠷᠡᠭᠦᠯᠬᠦ︾ ᠪᠣᠯᠭᠠᠵᠤ᠂ | ᠥᠷᠭᠡᠨ ᠤᠯᠠᠨ ᠰᠠᠭᠤᠭᠠᠯᠢ ᠠᠷᠠᠳ ᠤᠯᠠᠨ ᠤ ᠤᠬᠠᠮᠰᠠᠷ ᠠᠴᠠ ᠪᠠᠨ ᠨᠠᠮ ᠢ ᠳᠠᠭᠠᠬᠤ ᠣᠶᠤᠨᠴᠢ ᠮᠡᠳᠡᠷᠡᠮᠵᠢ ᠪᠠ | ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠳᠠᠰᠤᠷᠠᠯᠳᠠ ᠦᠬᠡᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ ᠪᠠᠰᠠ | ᠤᠯᠠᠨ ᠤᠬᠠᠭᠤᠯᠤᠨ ᠲᠠᠶᠢᠯᠪᠤᠷᠢᠯᠠᠬᠤ ᠠᠩᠬᠢ ᠶᠢ ᠵᠣᠬᠢᠶᠠᠨ ᠪᠠᠶᠢᠭᠤᠯᠵᠤ᠂ ᠨᠠᠮ ᠤᠨ ᠲᠥᠪ ᠬᠤᠷᠢ᠊ ᠡᠶ᠎ᠡ ᠵᠢᠴᠢ ᠡᠯ᠎ᠡ | ᠱᠠᠲᠤᠨ ᠤ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠦᠷᠦᠯ ᠬᠤᠪᠢᠶᠠᠨ | ᠡᠮᠬᠢᠯᠡᠵᠦ᠂ ᠤᠯᠠᠨ ᠲᠣᠭᠠᠨ ᠤ ︽ᠠᠷᠠᠳ ᠤᠨ ᠤᠨᠤᠯᠴᠢ︾ ᠶᠢᠨ ᠥᠪᠡᠷ ᠤᠨ ᠪᠡᠶ᠎ᠡ ᠶᠢᠨ ᠬᠡᠯᠡᠯᠭᠡ ᠶᠢ ᠰᠢᠨ᠎ᠡ ᠪᠠᠷ | ᠡᠭᠦᠳᠦᠨ ᠬᠥᠮᠦᠵᠢᠭᠦᠯᠵᠦ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢᠨ ᠬᠠᠨᠳᠤᠯᠭᠠᠲᠤ ᠴᠢᠨᠠᠷ ᠢ | ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠠᠷᠠᠳ ᠤᠨ ᠠᠮᠢᠳᠤᠷᠠᠯ ᠳᠤ ᠲᠦᠭᠦᠮ ᠦᠵᠡᠭᠦᠯᠵᠦ᠂ | ᠠᠷᠠᠳ ᠤᠨ ᠠᠮᠢᠳᠤᠷᠠᠯ ᠤᠨ ᠤᠴᠢᠷ ᠶᠠᠪᠤᠳᠠᠯ ᠢ ᠲᠣᠳᠣᠷᠬᠠᠢ ᠲᠠᠶᠢᠯᠪᠤᠷᠢᠯᠠᠬᠤ ᠵᠢᠴᠢ ︽ᠬᠤᠩ ᠮᠤᠤ ᠪᠠᠯᠭᠠᠰᠤ ᠶᠢᠨ | ᠠᠷᠠᠳ ᠤᠨ ᠠᠮᠢᠳᠤᠷᠠᠯ ᠤᠨ ᠤᠴᠢᠷ ᠶᠠᠪᠤᠳᠠᠯ ᠢ ᠰᠢᠢᠳᠪᠦᠷᠢᠯᠡᠬᠦ ᠵᠦᠭᠯᠡᠭᠦᠷ︾ ᠢ ᠲᠠᠷᠬᠠᠭᠠᠵᠤ᠂ ᠤᠬᠠᠭᠤᠯᠤᠨ | ᠲᠠᠶᠢᠯᠪᠤᠷᠢᠯᠠᠬᠤ ᠦᠷ᠎ᠡ ᠪᠦᠲᠦᠮᠵᠢ ᠶᠢᠨ ᠬᠠᠨᠳᠤᠯᠭᠠᠲᠤ ᠴᠢᠨᠠᠷ ᠢ ᠴᠢᠩᠭᠠᠳᠬᠠᠵᠠᠢ᠃ | ᠭᠤᠷᠪᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠵᠣᠷᠢᠯᠲᠠ ᠪᠣᠯᠭᠠᠵᠤ᠂ ᠤᠯᠠᠨ ᠤ ᠤᠬᠠᠭᠠᠨ | ᠬᠠᠮᠲᠤ ᠶᠢᠨ ᠬᠦᠴᠦᠨ ᠢᠶᠠᠷ ᠠᠷᠠᠳ ᠤᠨ ᠵᠣᠪᠠᠨᠢᠯ ᠢ ᠠᠷᠢᠯᠭᠠᠪᠠ᠃ | | | | | ᠰᠣᠶᠣᠯ ᠵᠤᠭᠠᠴᠠᠯ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢ᠊ ᠡᠶ᠎ᠡ᠂ ᠣᠷᠣᠨ | ᠰᠠᠭᠤᠴᠠ ᠶᠢᠨ ᠪᠠᠲᠤᠯᠠᠪᠤᠷᠢ ᠶᠢᠨ ᠲᠥᠪ ᠵᠡᠷᠭᠡ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠨᠢᠭᠡᠴᠡ ᠶᠢᠨ ᠬᠠᠮᠢᠶ᠎ᠠ | ᠪᠦᠬᠦᠢ ᠺᠠᠳ᠋ᠷ ᠵᠢᠴᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠰᠠᠭᠤᠭᠠᠯᠢ ᠠᠷᠠᠳ ᠤᠨ | ᠲᠥᠯᠥᠭᠡᠯᠡᠭᠴᠢ᠂ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ᠂ ᠰᠦᠯᠵᠢᠶᠡᠨ ᠤ ᠠᠵᠢᠯᠳᠠᠨ ᠵᠡᠷᠭᠡ ᠶᠢ | ᠤᠷᠢᠵᠤ ᠬᠤᠷᠠᠯ ᠳᠤ ᠣᠷᠣᠯᠴᠠᠭᠤᠯᠵᠤ᠂ ᠢ ᠬᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠤᠬᠠᠢ ᠶᠢᠨ | ᠲᠠᠯᠠᠪᠤᠷ ᠲᠤ ︽ᠪᠠᠴᠢᠮ ᠬᠦᠴᠢᠷᠲᠡᠢ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ ᠥᠭᠴᠡᠢ᠃ | ᠪᠠᠰᠠ ᠨᠡᠶᠢᠭᠡᠮ ᠲᠣᠭᠤᠷᠢᠭ ᠤᠨ ᠳᠣᠲᠣᠷ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠤᠭᠯᠠᠭᠤᠯᠬᠤ | ᠴᠡᠭ ᠭᠠᠷᠭᠠᠵᠤ᠂ ᠰᠦᠯᠵᠢᠶᠡᠨ ᠤ ᠲᠠᠰᠤᠯᠤᠭᠴᠢ ᠶᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠬᠥᠮᠦᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠤᠬᠠᠶ ᠰᠠᠭᠤᠭᠠᠯᠢ ᠠᠷᠠᠳ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠢᠳᠬᠠᠯ ᠰᠠᠨᠠᠭᠤᠯᠭ᠎ᠠ ᠶᠢ ᠠᠷᠠᠳ ᠤᠨ ᠰᠠᠨᠠᠭ᠎ᠠ ᠶᠢ ᠤᠷᠤᠰᠤᠮ᠎ᠠ | ᠰᠣᠨᠣᠰᠪᠠ᠃ ᠰᠠᠨᠠᠯ ᠬᠤᠷᠢᠶᠠᠬᠤ᠂ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ᠂ ᠢᠯᠡ ᠨᠡᠶᠢᠲᠡᠯᠡᠬᠦ ︽ᠭᠤᠷᠪᠠᠨ | ᠠᠯᠬᠤᠮ ᠢᠶᠠᠷ ᠶᠠᠪᠤᠬᠤ︾ ᠲᠠᠰ ᠳᠠᠷᠠᠭᠠᠯᠠᠯ ᠤᠨ ᠶᠣᠰᠣᠭᠠᠷ᠂ ᠲᠥᠬᠦᠮ ᠲᠥᠷᠥᠯ ᠵᠦᠶ᠋ᠯ ᠳᠤ ᠪᠣᠯ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠵᠢᠴᠢ ᠥᠷᠭᠡᠨ ᠣᠯᠠᠨ ᠲᠦᠮᠡᠨ ᠤ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠬᠠᠮᠲᠤᠳᠬᠠᠵᠤ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠰᠢᠢᠳᠪᠤᠷᠢᠯᠡᠬᠦ ᠵᠠᠷᠴᠢᠮ ᠳᠤ ᠲᠦᠰᠢᠭᠯᠡᠨ | ᠂ ᠢᠳᠡᠪᠬᠢᠲᠡᠶ ᠪᠠᠷ ᠠᠷᠢᠯᠭᠠᠨ ᠰᠢᠶ᠋ᠳᠪᠦᠷᠢᠯᠡᠬᠦ ᠬᠡᠷᠡᠭᠲᠡᠶ︔ ᠲᠦᠪᠡᠭ ᠪᠤᠳᠤᠯᠢᠶᠠᠨᠲᠠᠶ ᠲᠦᠪᠡᠭᠲᠡᠶ ᠠᠰᠠᠭᠤᠳᠠᠯ ᠢ | ᠨᠡᠶᠢᠭᠡᠮ ᠲᠣᠭᠤᠷᠢᠭ ᠤᠨ ᠨᠠᠮ ᠤᠨ ᠡᠭᠦᠷ ᠠᠴᠠ ᠠᠳᠠᠯ ᠠᠬᠤᠶ ᠶᠢᠨ ᠺᠣᠮᠫᠠᠨᠢ ᠲᠠᠢ ᠬᠠᠮᠵᠢᠯᠴᠠᠨ ᠳᠡᠩᠰᠡᠯᠡᠵᠦ ᠪᠠᠶᠢᠭ᠎ᠠ | ᠰᠠᠨᠠᠭᠤᠯᠭ᠎ᠠ ᠶᠢᠨ ᠰᠠᠨᠠᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ ᠰᠢᠢᠳᠪᠦᠷᠢᠯᠡᠵᠦ᠂ ᠰᠠᠭᠤᠭᠠᠯᠢ ᠠᠷᠠᠳ ᠲᠤ | ᠦᠨᠡᠨ ᠬᠦ ᠪᠣᠳᠠᠲᠠᠶ ᠪᠠᠷ ᠰᠢᠢᠳᠪᠦᠷᠢᠯᠡᠵᠦ ᠥᠭᠬᠦ ᠶᠢᠨ ᠬᠠᠮᠲᠤ ᠰᠢᠶ᠋ᠳᠪᠦᠷᠢᠯᠡᠬᠦ ᠶᠢᠨ ᠡᠮᠦᠨ᠎ᠡ ᠬᠤᠶᠢᠨᠠᠬᠢ | ᠬᠠᠷᠢᠴᠠᠭᠤᠯᠤᠭᠰᠠᠨ ᠬᠡᠷᠡᠯ ᠵᠢᠷᠤᠭ ᠢ ᠢᠯᠡ ᠨᠡᠶᠢᠲᠡᠯᠡᠨ᠎ᠡ᠃ | ᠡᠭᠦᠨ ᠤ ᠵᠡᠷᠭᠡ ᠳᠤ ᠢ ᠬᠠᠶ ᠨᠡᠶᠢᠭᠡᠮ ᠲᠣᠭᠤᠷᠢᠭ ᠤᠨ ᠬᠢᠨ ᠪᠠᠰᠠ ᠵᠥᠪᠳᠡᠯᠴᠡᠨ ᠵᠥᠪᠯᠡᠬᠦ ᠲᠠᠰᠤᠭ ᠢ ᠡᠭᠦᠳᠦᠨ | ᠪᠠᠶᠢᠭᠤᠯᠤᠭᠰᠠᠨ ᠪᠥᠭᠡᠳ ᠠᠯᠪᠠᠯᠠᠬᠤ ᠲᠥᠬᠦᠭᠡᠷᠦᠮᠵᠢ ᠪᠣᠯᠤᠨ ᠬᠤᠯᠪᠣᠭᠳᠠᠯ ᠪᠦᠬᠦᠢ ᠠᠵᠢᠯᠲᠠᠨ ᠲᠣᠬᠢᠷᠠᠭᠤᠯᠵᠤ᠂ ︽ | ᠥᠷᠲᠡᠭᠡ ᠥᠷᠥᠭᠡ ᠬᠠᠮᠲᠤ ᠪᠠᠷ ᠵᠥᠪᠳᠡᠯᠴᠡᠬᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠳᠠᠭᠠᠵᠤ | ᠨᠠᠶᠢᠳᠠᠪᠤᠷᠢᠵᠢᠭᠤᠯᠬᠤ︾ ᠠᠵᠢᠯ ᠤᠨ ᠲᠣᠭᠲᠠᠴᠠ ᠶᠢ ᠪᠤᠶ ᠪᠣᠯᠭᠠᠵᠤ᠂ ᠥᠪᠡᠷ ᠥᠪᠡᠷ ᠤᠨ ᠦᠵᠡᠯᠲᠡ ᠪᠠᠨ ᠬᠡᠯᠡᠯᠴᠡᠨ | ᠵᠥᠪᠳᠡᠬᠦ ᠢᠷᠭᠡᠨ ᠤ ᠬᠡᠷᠡᠭ ᠢ ᠬᠡᠯᠡᠯᠴᠡᠨ ᠵᠥᠪᠳᠡᠵᠡᠶ᠃ ᠤᠯᠠᠨ ᠲᠦᠮᠡᠨ ᠤ ᠬᠡᠷᠡᠭ ᠵᠥᠪᠯᠡᠬᠦ ᠡᠵᠡᠨ ᠬᠥᠮᠦᠨ ᠤ | ᠪᠠᠶᠢᠷᠢ ᠰᠠᠭᠤᠷᠢ ᠶᠢ ᠲᠤᠪᠤᠶᠢᠯᠭᠠᠵᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠢᠶᠠᠷ ᠳᠠᠮᠵᠢᠭᠤᠯᠤᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠠᠳᠠᠯ ᠠᠬᠤᠶ ᠶᠢᠨ ᠬᠠᠮᠢᠶᠠᠷᠤᠯᠲᠠ᠂ | ᠠᠮᠤᠷ ᠲᠦᠪᠰᠢᠨ ᠤ ᠲᠠᠯᠳᠠ ᠭᠡᠮ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ᠂ ᠰᠠᠭᠤᠷᠢ | ᠲᠥᠬᠦᠭᠡᠷᠦᠮᠵᠢ ᠵᠡᠷᠭᠡ ᠲᠠᠯ᠎ᠠ ᠶᠢᠨ ᠲᠣᠭᠤᠷᠢᠨ ᠳᠤ ᠬᠦᠴᠢᠷ ᠶᠠᠪᠤᠳᠠᠯ ᠢ ᠬᠠᠮᠲᠤ ᠪᠠᠷ ᠵᠥᠪᠯᠡᠵᠦ᠂ ᠪᠣᠳᠠᠲᠤ ᠶᠠᠪᠤᠳᠠᠯ ᠢ | ᠬᠠᠮᠲᠤ ᠪᠠᠷ ᠪᠠᠶᠢᠭᠤᠯᠵᠤ᠂ ᠪᠠᠴᠢᠮ ᠶᠠᠪᠤᠳᠠᠯ ᠢ ᠲᠡᠳᠬᠦᠵᠦ᠂ ᠮᠠᠭᠤ ᠶᠠᠪᠤᠳᠠᠯ ᠢ ᠠᠷᠢᠯᠭᠠᠨ᠎ᠠ᠃ | ︽ᠲᠠᠯ᠎ᠠ ᠨᠤᠲᠤᠭ ᠤᠨ ᠨᠣᠮ ᠤᠨ ᠥᠷᠥᠭᠡ︾ ᠪᠠ ᠬᠡᠤᠬᠡᠳ ᠤᠨ ᠵᠤᠭ᠎ᠠ ᠴᠡᠩᠭᠡᠯ ᠤᠨ ᠲᠣᠭᠤᠷᠢᠭ ᠲᠤ | ᠲᠦᠰᠢᠭᠯᠡᠨ᠂ ︽ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠠᠵᠢᠯ ᠤᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠢ ᠬᠠᠶ ᠨᠡᠶᠢᠭᠡᠮ ᠲᠣᠭᠤᠷᠢᠭ ᠤᠨ ︽ᠲᠠᠪᠤᠨ ᠴᠠᠭ ᠬᠠᠭᠠᠰ ᠤᠨ ᠬᠢᠴᠢᠶᠡᠯ ᠤᠨ ᠲᠠᠩᠬᠢᠮ︾ ᠤᠨ ᠤᠯᠤᠰ | ᠲᠥᠷᠥ ᠬᠠᠤᠯᠢ ᠴᠠᠭᠠᠵᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠪᠠᠶᠠᠷ ᠴᠡᠩᠭᠡᠯ ᠢᠶᠠᠷ | ᠠᠷᠠᠳ ᠲᠤ ᠠᠰᠢᠭ ᠬᠦᠷᠲᠡᠭᠡᠬᠦ ᠪᠣᠳᠠᠲᠤ ᠠᠵᠢᠯᠯᠠᠭ᠎ᠠ ᠳᠤ ᠬᠥᠮᠦᠵᠢᠯ ᠬᠦᠷᠲᠡᠭᠡᠨ᠎ᠡ᠃ ︽ᠲᠠᠪᠤᠨ ᠴᠠᠭ ᠬᠠᠭᠠᠰ ᠤᠨ | ᠬᠢᠴᠢᠶᠡᠯ ᠤᠨ ᠲᠠᠩᠬᠢᠮ︾ ᠤᠨ ᠭᠤᠣᠯᠯᠠᠭᠴᠢ ᠪᠦᠷᠢᠯᠳᠦᠬᠦᠨ ᠢ ᠨᠡᠶᠢᠭᠡᠮ ᠲᠣᠭᠤᠷᠢᠭ ᠠᠴᠠ ᠠᠵᠢᠯ ᠠᠴᠠ ᠪᠠᠨ | ᠪᠠᠭᠤᠭᠰᠠᠨ ᠪᠠᠭᠰᠢ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠤᠨ᠎ᠠ᠃ | ᠡᠭᠦᠨ ᠤ ᠵᠡᠷᠭᠡ ᠳᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠠᠭ ᠲᠤᠨᠢ | ᠲᠣᠬᠢᠷᠠᠭᠤᠯᠤᠨ ᠥᠷᠨᠢᠭᠦᠯᠵᠦ᠂ ︽ᠵᠢᠵᠢᠭ ᠭᠠᠷ ᠢᠶᠠᠷ ᠲᠣᠮᠣ ᠭᠠᠷ ᠢ ᠲᠠᠲᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ | ᠬᠡᠦᠬᠡᠳ ᠨᠢᠭᠡᠪᠦᠷᠢ᠂ ᠭᠡᠷ ᠤᠨ ᠠᠬᠠᠮᠠᠳ ᠨᠢᠭᠡᠪᠦᠷᠢ᠂ ᠭᠡᠷ ᠪᠦᠯᠢ ᠨᠢᠭᠡᠪᠦᠷᠢ ᠳᠤ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠡᠭᠦᠳᠦᠨ ᠪᠠᠶᠢᠭᠤᠯᠬᠤ ᠳᠤ ᠤᠯᠠᠮ ᠨᠢᠭᠡ | ᠠᠯᠬᠤᠮ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ | ᠲᠦᠷᠪᠡ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠪᠠᠷ ᠬᠠᠷᠠᠯᠲᠠ ᠪᠣᠯᠭᠠᠨ᠂ ᠤᠯᠠᠨ ᠲᠦᠮᠡᠨ ᠤ ᠨᠡᠶᠢᠭᠡᠮ | ᠲᠣᠭᠤᠷᠢᠭ ᠤᠨ ᠬᠡᠷᠡᠭ ᠶᠠᠪᠤᠳᠠᠯ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠠᠯᠠᠭᠤᠨ | ᠰᠡᠳᠬᠢᠯᠭᠡ ᠶᠢ ᠳᠡᠭᠡᠭᠰᠢᠯᠡᠭᠦᠯᠦᠨ᠎ᠡ᠃ | ᠠᠯᠢ ᠣᠯᠠᠨ ᠠᠵᠢᠯᠯᠠᠭ᠎ᠠ ᠪᠠᠷ ᠳᠡᠮᠵᠢᠨ᠂ ᠾᠦᠩ ᠮᠤᠤ ᠪᠠᠯᠭᠠᠰᠤᠨ ᠤ ᠢ ᠬᠠᠶ ᠨᠡᠶᠢᠭᠡᠮ ᠲᠣᠭᠤᠷᠢᠭ ᠤᠨ ᠬᠢᠨ | ᠨᠠᠮ ᠤᠨ ᠭᠡᠰᠢᠭᠦᠨ ᠺᠠᠳ᠋ᠷ ᠵᠢᠴᠢ ᠨᠡᠶᠢᠭᠡᠮ ᠲᠣᠭᠤᠷᠢᠭ ᠤᠨ ᠣᠯᠠᠨ ᠲᠦᠮᠡᠨ ᠢ ᠵᠢᠯᠣᠭᠤᠳᠤᠨ ᠲᠡᠷᠢᠭᠦᠨ ᠤ ᠦᠵᠡᠯ | ᠰᠠᠨᠠᠭ᠎ᠠ ᠣᠶᠢᠯᠠᠭᠠᠭᠳᠠᠬᠤᠨ ᠢ ᠰᠤᠷᠤᠯᠴᠠᠭᠤᠯᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ | ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠮᠤᠷ ᠵᠢᠮᠦᠷ | ᠠᠮᠢᠳᠤᠷᠠᠬᠤ᠂ ᠬᠠᠤᠯᠢ ᠶᠢ ᠰᠠᠬᠢᠵᠤ ᠦᠢᠯᠡᠰ ᠢᠶᠠᠨ ᠳᠡᠭᠡᠳᠦᠯᠡᠬᠦ ᠬᠦᠴᠦᠷᠬᠡᠭ ᠶᠡᠭᠡ ᠬᠦᠴᠦᠨ ᠪᠣᠯᠭᠠᠨ | ᠬᠤᠪᠢᠷᠠᠭᠤᠯᠵᠤ᠂ ᠤᠯᠠᠨ ᠲᠦᠮᠡᠨ ᠤ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ ᠣᠷᠣᠯᠴᠠᠬᠤ ᠬᠠᠯᠠᠭᠤᠨ | ᠰᠡᠳᠬᠢᠯᠭᠡ ᠢᠯᠡᠳᠲᠡ ᠣᠷᠭᠢᠯᠵᠤ᠂ ᠰᠦᠯᠵᠢᠶᠡᠨ ᠤ ᠠᠵᠢᠯᠳᠠᠨ ᠤ ᠡᠩᠨᠡᠭᠡ ᠡᠳᠦᠷ ᠢᠷᠡᠬᠦᠶ᠎ᠡ ᠰᠢᠯᠢᠳᠡᠭᠵᠢᠵᠦ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠠᠭᠠᠵᠢᠮ ᠢᠶᠠᠷ ᠪᠤᠵᠠᠭᠠᠶᠢᠷᠠᠵᠤ᠂ ᠬᠠᠮᠲᠤᠪᠠᠷ ᠪᠠᠶᠢᠭᠤᠯᠬᠤ ᠬᠠᠮᠲᠤᠪᠠᠷ | ᠵᠠᠰᠠᠬᠤ ᠬᠠᠮᠲᠤᠪᠠᠷ ᠡᠳ᠋ᠯᠡᠬᠦ ᠵᠠᠰᠠᠯᠲᠠ ᠶᠢᠨ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠰᠠᠭᠤᠭᠠᠯᠢ ᠠᠷᠠᠳ ᠤᠨ | ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠲᠦᠷᠦᠭᠳᠡᠯ ᠲᠠᠰᠤᠷᠠᠯᠳᠠ ᠦᠭᠡᠢ | ᠳᠡᠭᠡᠭᠰᠢᠯᠡᠵᠦ᠂ ᠨᠠᠮ ᠤᠨ ᠤᠳᠤᠷᠢᠳᠤᠯᠭ᠎ᠠ ᠪᠣᠯᠤᠨ ᠨᠡᠶᠢᠭᠡᠮ ᠤᠨ ᠲᠤᠬᠢᠷᠠᠭᠤᠯᠭ᠎ᠠ᠂ ᠰᠠᠭᠤᠭᠠᠯᠢ ᠠᠷᠠᠳ ᠤᠨ | ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠦᠩ ᠰᠢᠮᠡᠯᠢᠭ ᠬᠥᠷᠥᠰᠥᠨ ᠳᠤ ᠴᠡᠴᠡᠭ ᠬᠤᠸᠠᠷ | ᠳᠡᠯᠭᠡᠷᠡᠨ᠎ᠡ᠃ | ᠲᠠᠷᠠᠭᠠᠴᠢ ᠶᠢᠨ ᠠᠯᠬᠤᠮ ᠳᠤ᠂ ᠬᠤᠩ ᠮᠤᠤ ᠪᠠᠯᠭᠠᠰᠤ ᠶᠢᠨ ᠬᠢᠨ ᠲᠤᠷᠰᠢᠯᠲᠠ ᠶᠢᠨ ᠠᠵᠢᠯ ᠤᠨ ᠰᠠᠭᠤᠷᠢᠨ | ᠳᠡᠭᠡᠷ᠎ᠡ᠂ ᠠᠷᠠᠳ ᠤᠨ ᠵᠣᠪᠠᠨᠢᠯ ᠢ ᠰᠢᠢᠳᠪᠤᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ | ᠰᠠᠶᠢᠨ ᠶᠠᠪᠤᠳᠠᠯ᠂ ᠪᠣᠳᠠᠲᠤ ᠶᠠᠪᠤᠳᠠᠯ ᠢ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠬᠡᠷ ᠲᠡᠭᠡᠨ ᠨᠠᠰᠤᠲᠠᠶᠢᠴᠤᠳ ᠢ | ᠠᠰᠠᠷᠠᠵᠤ ᠬᠤᠭᠤᠯᠠ ᠬᠦᠷᠭᠡᠬᠦ ᠰᠢᠨ᠎ᠡ ᠵᠠᠭᠪᠤᠷ ᠢ ᠡᠭᠦᠳᠦᠨ ᠪᠠᠶᠢᠭᠤᠯᠵᠤ᠂ ᠨᠠᠮ ᠪᠣᠯᠤᠨ ᠣᠯᠠᠨ ᠲᠦᠮᠡᠨ ᠤ ᠴᠢᠰᠤ | ᠮᠢᠬᠠᠨ ᠤ ᠬᠠᠷᠢᠯᠴᠠᠭ᠎ᠠ ᠶᠢ ᠲᠠᠰᠤᠷᠠᠯᠲᠠ ᠥᠬᠡᠶ ᠨᠢᠭᠲᠠᠷᠠᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ | ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠤᠷᠢᠯᠡᠬᠦ ᠳᠤ ︽ᠢ ᠬᠠᠶ ᠶᠢᠨ ᠲᠥᠰᠦᠯ︾ ᠢ ᠬᠠᠩᠭᠠᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |