ᠮᠧᠩ ᠳ᠋ᠢ ᠰᠦ ᠶᠢᠨ  ᠤᠶᠢᠯᠡᠰ᠄ ᠲᠡᠮᠡᠭᠡᠨ ᠤ ᠰᠦᠨ ᠲᠠᠯᠬ᠎ᠠ ᠶᠢᠨ ᠰᠢᠷᠢᠰ  ᠤᠶᠢᠯᠡᠳᠭᠦᠨ ᠢ ᠰᠤᠳᠤᠯᠤᠨ ᠨᠡᠭᠡᠭᠡᠵᠦ ᠪᠥᠬᠦ ᠠᠵᠤ ᠤᠶᠢᠯᠡᠰ ᠤᠨ ᠬᠡᠯᠬᠢᠶ᠎ᠡ ᠶᠢᠨ ᠪᠠᠶᠢᠷᠢᠰᠢᠯ ᠢ ᠤᠷᠲᠤᠳᠬᠠᠪᠠ
ᠨᠡᠶᠢᠲᠡᠯᠡᠭᠰᠡᠨ ᠴᠠᠭ᠄
2023/7/13
   ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠲᠡᠮᠡᠭᠡᠨ ᠤ ᠰᠦᠨ ᠲᠠᠯᠬ᠎ᠠ ᠶᠢ ᠬᠥᠮᠦᠰ ᠤᠯᠠᠮ ᠠᠴᠠ ᠤᠯᠠᠮ ᠰᠠᠶᠢᠨ ᠮᠡᠳᠡᠵᠦ᠂ ᠥᠪᠡᠷᠮᠢᠴᠡ ᠰᠢᠮ᠎ᠡ ᠲᠡᠵᠢᠭᠡᠯ ᠤᠨ ᠦᠨ᠎ᠡ ᠦᠷᠳᠡᠭ ᠲᠠᠢ ᠠᠴᠠ ᠪᠤᠯᠵᠤ ᠤᠯᠠᠨ ᠢᠶᠠᠷ ᠢᠶᠠᠨ ᠬᠦᠯᠢᠶᠡᠨ ᠠᠪᠴᠤ ᠪᠠᠶᠢᠨ᠎ᠠ᠃ ᠲᠡᠮᠡᠭᠡᠨ ᠤ ᠰᠦᠨ ᠲᠠᠯᠬ᠎ᠠ ᠳᠤ ᠰᠦᠨ ᠤᠭᠤᠷᠠᠭ᠂ ᠪᠥᠮᠪᠥᠭᠡᠨ ᠤᠭᠤᠷᠠᠭ ᠵᠢᠴᠢ ᠦᠯᠦ ᠬᠠᠯᠳᠠᠭᠠᠬᠤ ᠪᠥᠮᠪᠥᠭᠡᠨ ᠤᠭᠤᠷᠠᠭ ᠵᠡᠷᠭᠡ ᠣᠨᠴᠠᠭᠠᠶ ᠤᠭᠤᠷᠠᠭ ᠠᠭᠤᠯᠤᠭᠳᠠᠵᠤ ᠪᠠᠶᠢᠳᠠᠭ᠂ ᠡᠯᠪᠡᠭ ᠪᠠᠶᠠᠯᠢᠭ ᠤᠭᠤᠷᠠᠭ ᠨᠢ ᠬᠥᠮᠦᠨ ᠤ ᠪᠡᠶ᠎ᠡ ᠶᠢᠨ ᠦᠯᠦ ᠬᠠᠯᠳᠠᠭᠠᠬᠤ ᠴᠢᠳᠠᠯ ᠢ ᠳᠡᠭᠡᠭᠰᠢᠯᠡᠭᠦᠯᠵᠦ᠂ ᠪᠤᠯᠴᠢᠩ ᠤᠨ ᠥᠰᠥᠯᠲᠡ ᠶᠢ ᠠᠬᠢᠭᠤᠯᠤᠨ᠂ ᠬᠥᠮᠦᠨ ᠤ ᠪᠡᠶ᠎ᠡ ᠳᠤ ᠠᠰᠢᠭᠲᠠᠶ ᠪᠠᠶᠢᠳᠠᠭ᠃ ᠤᠯᠠᠭᠠᠨᠴᠠᠪ ᠤᠨ  ᠮᠧᠩ ᠳ᠋ᠢ ᠰᠦ ᠶᠢᠨ  ᠤᠶᠢᠯᠡᠰ ᠪᠣᠯ ᠲᠤᠰᠬᠠᠶᠢᠯᠠᠨ ᠲᠡᠮᠡᠭᠡᠨ ᠰᠦᠨ ᠲᠠᠯᠬ᠎ᠠ ᠰᠤᠳᠤᠯᠤᠨ  ᠤᠶᠢᠯᠡᠳᠪᠤᠷᠢᠯᠡᠳᠡᠭ ᠠᠵᠤ ᠠᠬᠤᠶᠢᠯᠠᠯ ᠮᠥᠨ᠂ ᠡᠨᠡ ᠵᠢᠯ ᠤᠨ 3 ᠰᠠᠷ᠎ᠠ ᠳᠤ ︽ᠤᠯᠠᠭᠠᠨᠴᠠᠪ︾ ᠤᠨ ᠲᠠᠸᠠᠷ ᠤᠨ ᠲᠡᠮᠳᠡᠭ ᠢ ᠵᠢᠩᠬᠢᠨᠢ ᠪᠠᠷ ᠬᠡᠷᠡᠭᠯᠡᠬᠦ ᠵᠥᠪᠰᠢᠶᠡᠷᠡᠯ ᠣᠯᠤᠭᠰᠠᠨ ᠪᠠᠶᠢᠨ᠎ᠠ᠃
       ᠣᠶᠢᠷ᠎ᠠ ᠳᠤ᠂ ᠰᠤᠷᠪᠤᠯᠵᠢᠯᠠᠭᠴᠢ ᠤᠯᠠᠭᠠᠨᠴᠠᠪ ᠤᠨ  ᠮᠧᠩ ᠳ᠋ᠢ ᠰᠦ ᠶᠢᠨ  ᠤᠶᠢᠯᠡᠰ ᠤᠨ ᠤᠶᠢᠯᠡᠳᠪᠤᠷᠢᠯᠡᠯ ᠤᠨ ᠲᠠᠰᠤᠭ ᠲᠤ ᠣᠴᠢᠬᠤ ᠳᠤ᠂ ᠠᠵᠢᠯᠴᠢᠳ ᠨᠠᠰᠢ ᠴᠠᠰᠢ ᠰᠦᠯᠵᠢᠯᠳᠦᠵᠦ᠂  ᠤᠶᠢᠯᠡᠳᠪᠤᠷᠢᠯᠡᠯ ᠤᠨ ᠱᠤᠭᠤᠮ ᠨᠢ ᠳᠡᠭᠡᠳᠦ ᠬᠤᠷᠳᠤᠴᠠ ᠪᠠᠷ ᠠᠵᠢᠯᠯᠠᠵᠤ᠂ ᠯᠠᠵᠠᠯᠠᠭᠰᠠᠨ ᠲᠡᠮᠡᠭᠡᠨ ᠤ ᠰᠦᠨ ᠲᠠᠯᠬ᠎ᠠ ᠶᠢ ᠪᠥᠬᠦ ᠤᠯᠤᠰ ᠤᠨ ᠡᠯ᠎ᠡ ᠭᠠᠵᠠᠷ ᠲᠤ ᠲᠠᠷᠬᠠᠭᠠᠵᠤ ᠪᠠᠶᠢᠬᠤ ᠶᠢ ᠣᠯᠵᠤ ᠬᠠᠷᠠᠪᠠ᠃ ᠮᠤᠩ ᠳ᠋ᠢ  ᠰᠦᠨ ᠦᠢᠯᠡᠰ ᠤᠨ ᠶᠡᠷᠦᠩᠬᠡᠶ ᠳᠠᠭᠠᠭᠠᠮᠠᠯ ᠮᠥ ᠷᠧᠨ ᠬᠡᠯᠡᠬᠦ ᠳᠡᠭᠡᠨ ᠄ ︽ᠮᠠᠨ ᠤ ᠮᠤᠩ ᠳ᠋ᠢ ᠴᠠᠭᠠᠨ ᠢᠳᠡᠭᠡᠨ ᠤ ᠦᠢᠯᠡᠰ ᠤᠨ ᠲᠡᠮᠡᠭᠡᠨ ᠰᠦᠨ ᠲᠠᠯᠬ᠎ᠠ᠂ ᠲᠦᠭᠦᠬᠡᠶ ᠡᠳ᠋ ᠨᠢ ᠪᠦᠷ ᠥᠪᠥᠷ ᠮᠣᠩᠭᠤᠯ ᠤᠨ ᠠᠯᠠᠱᠠ ᠠᠴᠠ ᠢᠷᠡᠯᠲᠡ ᠲᠠᠢ᠂ ᠤᠴᠢᠷ ᠨᠢ ᠠᠯᠠᠱᠠ ᠪᠣᠯ ᠮᠠᠨ ᠤ ᠥᠪᠥᠷ ᠮᠣᠩᠭᠤᠯ ᠤᠨ ᠰᠦ ᠶᠢᠨ ᠢᠷᠡᠯᠲᠡ ᠶᠢᠨ ᠰᠢᠵᠢᠷ ᠠᠯᠲᠠᠨ ᠪᠦᠰᠡ ᠮᠥᠨ᠂ ᠪᠢᠳᠡ ᠠᠯᠠᠱᠠ ᠠᠴᠠ ᠲᠡᠮᠡᠭᠡᠨ  ᠰᠦ ᠶᠢ ᠠᠪᠴᠤ ᠢᠷᠡᠭᠰᠡᠨ ᠤ ᠲᠠᠷᠠᠭ᠎ᠠ᠂ ᠮᠠᠨ ᠤ ᠫᠠᠰᠲ᠋ᠧᠷ ᠤᠨ ᠠᠷᠢᠭᠤᠳᠬᠠᠨ ᠪᠠᠺᠲ᠋ᠧᠷᠢ ᠶᠢ ᠤᠰᠠᠳᠬᠠᠵᠤ᠂ ᠥᠳᠬᠡᠷᠡᠭᠦᠯᠦᠨ ᠮᠠᠨᠠᠨᠲᠤᠭᠤᠯᠵᠤ᠂ ᠬᠠᠭᠤᠷᠠᠶ ᠪᠠᠷ ᠪᠣᠭᠤᠳᠠᠯᠯᠠᠭᠰᠠᠨ ᠤ ᠲᠠᠷᠠᠭ᠎ᠠ ᠵᠠᠬ᠎ᠠ ᠳᠡᠯᠭᠡᠭᠦᠷ ᠲᠤ ᠭᠠᠷᠭᠠᠪᠠ᠂ ᠤᠴᠢᠷ ᠨᠢ ᠮᠠᠨ ᠤ ᠬᠡᠷᠡᠭᠯᠡᠵᠦ ᠪᠠᠶᠢᠭ᠎ᠠ ᠲᠦᠭᠦᠬᠡᠶ ᠮᠠᠲ᠋ᠧᠷᠢᠶᠠᠯ ᠪᠣᠯ ᠪᠣᠭᠤᠮᠲᠠ ᠶᠢ ᠴᠢᠩᠭ᠎ᠠ ᠰᠠᠬᠢᠵᠤ᠂ ᠮᠥᠨ ᠴᠦ ᠮᠠᠨ ᠤ ᠣᠷᠣᠨ ᠨᠤᠲᠤᠭ ᠤᠨ ᠲᠥᠯᠥᠭᠡᠯᠡᠬᠦ ᠴᠢᠨᠠᠷ ᠲᠠᠢ ᠲᠦᠭᠦᠬᠡᠶ ᠮᠠᠲ᠋ᠧᠷᠢᠶᠠᠯ ᠪᠣᠯᠬᠤ ᠶᠤᠮ᠂ ᠡᠶᠢᠮᠦ ᠠᠴᠠ ᠮᠠᠨ ᠤ ᠦᠢᠯᠡᠳᠪᠦᠷᠢᠯᠡᠵᠦ ᠭᠠᠷᠭᠠᠭᠰᠠᠨ ᠪᠦᠲᠦᠭᠡᠭᠳᠡᠬᠦᠨ ᠴᠦ ᠮᠠᠨ ᠤ ᠲᠤᠰ ᠭᠠᠵᠠᠷ ᠤᠨ ᠥᠪᠡᠷᠮᠢᠴᠡ ᠦᠨᠦᠷ ᠠᠮᠲᠠ ᠲᠠᠢ ᠪᠠᠶᠢᠵᠤ᠂ ᠬᠡᠷᠡᠭᠯᠡᠭᠴᠢᠳ ᠤᠨ ᠲᠠᠭᠠᠰᠢᠶᠠᠯ ᠢ ᠣᠯᠤᠭᠰᠠᠨ ᠪᠠᠶᠢᠨ᠎ᠠ︾ ᠭᠡᠵᠡᠶ᠃
       ᠮᠧᠩ ᠳ᠋ᠢ ᠴᠠᠭᠠᠨ ᠢᠳᠡᠭᠡᠨ ᠤ ᠦᠢᠯᠡᠰ ᠨᠢ ᠲᠡᠮᠡᠭᠡᠨ  ᠰᠦ ᠶᠢᠨ ᠦᠢᠯᠡᠰ ᠢᠶᠠᠷ ᠭᠤᠣᠯᠯᠠᠵᠤ᠂ ᠣᠳᠣᠬᠢᠴᠢᠯᠠᠭᠰᠠᠨ ᠠᠯᠠᠱᠠ ᠶᠢᠨ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠲᠡᠮᠡᠭᠡᠨ  ᠰᠦ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂  ᠤᠶᠢᠯᠡᠳᠪᠤᠷᠢᠯᠡᠬᠦ ᠪᠠ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠲᠡᠮᠡᠭᠡᠨ  ᠰᠦ ᠶᠢᠨ ᠪᠥᠬᠦ ᠠᠵᠤ  ᠤᠶᠢᠯᠡᠰ ᠤᠨ ᠬᠡᠯᠬᠢᠶ᠎ᠡ ᠶᠢᠨ ᠪᠠᠶᠢᠷᠢᠰᠢᠯ ᠢ ᠪᠣᠶ ᠪᠣᠯᠭᠠᠵᠤ᠂ ᠠᠵᠤ ᠠᠬᠤᠶᠢᠯᠠᠯ ᠤᠨ ᠣᠳᠣᠬᠠᠨ ᠳᠤ ᠬᠤᠰᠢᠭᠤᠨ ᠳᠣᠤᠷ᠎ᠠ ᠨᠢ ᠶᠤᠸᠠᠨ ᠳ᠋ᠢ ᠲᠡᠮᠡᠭᠡ ᠪᠠ ᠲᠡᠮᠡᠭᠡᠨ ᠲᠡᠮᠡᠭᠡ ᠲᠡᠮᠡᠭᠡᠨ ᠰᠦᠨ ᠲᠠᠯᠬ᠎ᠠ ᠶᠢᠨ ᠰᠢᠷᠢᠰ ᠨᠠᠷᠠᠲᠤ ᠲᠡᠮᠳᠡᠭᠲᠦ ᠵᠢᠴᠢ ᠪᠦᠲᠦᠭᠡᠭᠳᠡᠬᠦᠨ ᠪᠠᠶᠢᠵᠤ᠂ ᠭᠤᠤᠯᠳᠠᠭᠤ ᠪᠦᠬᠦᠯᠢ ᠥᠭᠡᠬᠦ ᠲᠡᠮᠡᠭᠡᠨ ᠰᠦᠨ ᠲᠠᠯᠬ᠎ᠠ ᠪᠠᠷ ᠭᠤᠤᠯ ᠪᠣᠯᠭᠠᠵᠤ᠂ ᠣᠯᠠᠨ ᠨᠠᠷᠠᠲᠤ ᠲᠡᠮᠳᠡᠭᠲᠦ ᠶᠢᠨ ᠬᠤᠯᠪᠣᠭᠠᠯᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠪᠡᠶᠡᠯᠡᠭᠦᠯᠪᠡ᠃  
     ᠮᠧᠩ ᠳ᠋ᠢ ᠰᠦ ᠶᠢᠨ  ᠤᠶᠢᠯᠡᠰ  ᠨᠢ ︽ᠡᠷᠡᠭᠦᠯ ᠮᠡᠨᠳᠦ ᠶᠢᠨ ᠠᠵᠤ  ᠤᠶᠢᠯᠡᠰ ᠢ ᠪᠤᠵᠠᠭᠠᠶᠢᠷᠠᠭᠤᠯᠵᠤ᠂ ᠠᠷᠠᠳ ᠢᠷᠭᠡᠳ ᠤᠨ ᠰᠢᠮ᠎ᠡ ᠲᠡᠵᠢᠭᠡᠯ ᠢ ᠲᠠᠰ ᠳᠡᠪᠰᠢᠭᠦᠯᠬᠦ︾ ᠵᠢᠷᠤᠮᠯᠠᠯ ᠢ ᠪᠠᠷᠢᠮᠲᠠᠯᠠᠨ᠂ ᠳᠤᠮᠳᠠᠳᠤ ᠤᠯᠤᠰ ᠤᠨ ᠬᠡᠷ ᠪᠦᠯᠢ ᠳᠤ ᠨᠠᠩ ᠥᠨᠳᠥᠷ ᠶᠠᠰᠤ ᠴᠢᠨᠠᠷ ᠲᠠᠢ  ᠤᠶᠢᠯᠡᠳᠭᠦᠨ ᠪᠠ ᠨᠠᠩ ᠰᠢᠯᠢᠳᠡᠭ  ᠤᠶᠢᠯᠡᠴᠢᠯᠡᠭᠡ ᠬᠠᠩᠭᠠᠵᠤ᠂ ᠲᠠᠰᠤᠷᠠᠯᠲᠠ ᠥᠬᠡᠶ ᠴᠢᠷᠮᠠᠶᠢᠨ᠂ ᠲᠠᠰᠤᠷᠠᠯᠲᠠ ᠥᠬᠡᠶ ᠳᠠᠪᠠᠵᠤ᠂ ᠠᠯᠠᠱᠠ ᠶᠢᠨ ᠲᠡᠮᠡᠭᠡᠨ  ᠰᠦ ᠶᠢᠨ ᠪᠥᠬᠦ ᠠᠵᠤ  ᠤᠶᠢᠯᠡᠰ ᠤᠨ ᠬᠡᠯᠬᠢᠶᠡᠨ ᠤ ᠨᠢᠭᠡᠳᠦᠭᠡᠷ ᠨᠠᠷᠠᠲᠤ ᠲᠡᠮᠳᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠡᠮᠡᠭᠡᠨ ᠰᠦ᠋ ᠶᠢᠨ ᠳᠡᠭᠡᠳᠦ ᠶᠠᠰᠤ ᠴᠢᠨᠠᠷ ᠲᠠᠢ ᠲᠦᠷᠦᠭᠦᠴᠢ ᠶᠢᠨ ᠬᠤᠪᠢ ᠪᠠᠷ ᠮᠠᠨ ᠤ ᠰᠢᠶᠠᠨ ᠤ ᠲᠡᠮᠡᠭᠡᠨ  ᠰᠦ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠵᠠᠶ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2