ᠯᠢᠶᠠᠩᠴᠧᠩ ᠰᠢᠶᠠᠨ ︽ᠠᠨ ᠺᠠᠩ ᠬᠤᠨᠳᠠᠭᠠᠲᠤ︾ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/7/13
   ᠪᠦᠬᠦ ᠰᠢᠶᠠᠨ ᠤ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠤᠪᠢ ᠬᠤᠪᠢ ᠪᠠᠷ ᠢᠶᠠᠨ ᠪᠠᠴᠢᠮ ᠪᠠᠶᠢᠳᠠᠯ ᠢ ᠠᠷᠭᠠᠴᠠᠬᠤ︾ ᠪᠦᠬᠦ ᠠᠷᠠᠳ ᠢᠶᠠᠷ ᠢᠶᠠᠨ ᠠᠶᠤᠯᠭᠦᠢ ᠦᠢᠯᠡᠳᠪᠦᠷᠢᠯᠡᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠡᠶᠡᠯᠡᠭᠦᠯᠬᠦ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠯᠢᠶᠠᠩᠴᠧᠩ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ 2023 ᠣᠨ ᠤ ︽ᠠᠨ ᠺᠠᠩ ᠬᠤᠨᠳᠠᠭᠠᠲᠤ︾ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠪᠡ᠃
       ᠲᠣᠰ ᠤᠳᠠᠭᠠᠨ ᠤ ᠤᠷᠤᠯᠳᠤᠭᠠᠨ ᠳᠤ ᠨᠡᠶᠢᠲᠡ 16 ᠠᠵᠤ ᠠᠬᠤᠶᠢᠯᠠᠯ ᠤᠨ ᠲᠥᠯᠥᠭᠡᠯᠡᠭᠴᠢᠳ ᠤᠨ ᠠᠩᠭᠢ ᠪᠠᠶᠢᠵᠤ᠂ ᠤᠷᠤᠯᠳᠤᠭᠠᠨ ᠢ ᠬᠤᠪᠢ ᠬᠥᠮᠦᠨ ᠤ ᠤᠷᠤᠯᠳᠤᠭᠠᠨ ᠪᠠ ᠬᠠᠮᠲᠤ ᠶᠢᠨ ᠤᠷᠤᠯᠳᠤᠭᠠᠨ ᠭᠡᠵᠦ ᠬᠤᠪᠢᠶᠠᠵᠤ᠂ ᠬᠤᠪᠢ ᠬᠥᠮᠦᠨ ᠤ ᠤᠷᠤᠯᠳᠤᠭᠠᠨ ᠳᠤ ᠪᠢᠷ ᠤᠨ ᠰᠢᠯᠭᠠᠯᠲᠠ ᠶᠢᠨ ᠠᠷᠭ᠎ᠠ ᠮᠠᠶ᠋ᠢᠭ ᠢ ᠠᠪᠴᠤ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠵᠢᠭᠰᠠᠭᠠᠨ᠎ᠠ᠃ ᠬᠠᠮᠲᠤ ᠶᠢᠨ ᠤᠷᠤᠯᠳᠤᠭᠠᠨ ᠳᠤ ᠳᠤᠭᠤᠶᠢᠯᠠᠩ ᠤᠨ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠤᠨ ᠳᠡᠭᠡᠷ᠎ᠡ ᠬᠠᠭᠠᠰ ᠲᠠᠯᠠᠪᠤᠷ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠤᠨ ᠳᠣᠣᠷ᠎ᠠ ᠬᠠᠭᠠᠰ ᠲᠠᠯᠠᠪᠤᠷ᠂ ᠮᠢᠨᠦ᠋ᠲ ᠰᠧᠺᠦ᠋ᠨ᠋ᠳ᠋᠂ ᠨᠡᠮᠡᠯᠲᠡ ᠤᠷᠤᠯᠳᠤᠭᠠᠨ ᠵᠡᠷᠭᠡ ᠵᠢᠷᠭᠤᠭᠠᠨ ᠭᠤᠭᠴᠤᠭ᠎ᠠ ᠶᠢ ᠲᠣᠬᠢᠷᠠᠭᠤᠯᠤᠨ᠎ᠠ᠂ ᠰᠢᠷᠦᠭᠦᠨ ᠥᠷᠢᠰᠥᠯᠳᠦᠭᠡᠨ ᠢᠶᠠᠷ ᠳᠡᠮᠵᠢᠨ ᠡᠴᠦᠰ ᠲᠡᠭᠡᠨ ᠬᠤᠪᠢ ᠬᠥᠮᠦᠨ ᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠬᠠᠮᠲᠤ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 1᠂ ᠬᠤᠪᠢ ᠬᠥᠮᠦᠨ ᠤ ᠰᠢᠯᠢᠳᠡᠭ ᠱᠠᠩᠨᠠᠯ 9᠂ ᠪᠦᠯᠬᠦᠮ ᠤᠨ ᠰᠢᠯᠢᠳᠡᠭ ᠱᠠᠩᠨᠠᠯ 6 ᠶᠢ ᠰᠢᠯᠭᠠᠷᠠᠭᠤᠯᠤᠨ᠎ᠠ᠃
   ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠳᠠᠨ ᠯᠢ ᠵᠢᠩ᠄ ︽ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠪᠤᠢ ᠪᠣᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ᠂ ᠠᠵᠤ ᠠᠬᠤᠢ ᠶᠢᠨ ᠠᠵᠢᠯᠯᠠᠭᠠᠨ ᠢᠶᠠᠷ ᠥᠪᠡᠷ ᠤᠨ ᠡᠭᠦᠷᠭᠡ ᠪᠠᠨ ᠪᠣᠯᠭᠠᠵᠤ᠂ ᠡᠵᠡᠨ ᠬᠥᠮᠦᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠷᠭᠠᠭᠤ ᠬᠢᠴᠢᠶᠡᠩᠭᠦᠢ ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠤᠬᠠᠮᠰᠠᠷ ᠠᠴᠠ ᠪᠠᠨ ᠠᠮᠤᠷ ᠲᠦᠪᠰᠢᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ︾ ᠭᠡᠵᠦ ᠬᠡᠯᠡᠪᠡ᠃                                                 ᠨᠠᠶᠢᠷᠠᠭᠤᠯᠤᠭᠴᠢ᠄  ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2