ᠯᠢᠶᠠᠩᠴᠧᠩ ᠰᠢᠶᠠᠨ ᠤ ᠰᠣᠶᠣᠯ ᠵᠤᠭᠠᠴᠠᠯ ᠤᠨ ᠠᠮᠲᠠᠲᠤ ᠢᠳᠡᠭᠡᠨ ᠤ ᠪᠠᠶᠠᠷ ᠡᠬᠢᠯᠡᠪᠡ
ᠨᠡᠶᠢᠲᠡᠯᠡᠭᠰᠡᠨ ᠴᠠᠭ᠄
2023/7/18
   
   ᠮᠠᠨ ᠤ ᠰᠢᠶᠠᠨ ᠤ ᠰᠣᠶᠣᠯ᠂ ᠵᠢᠭᠤᠯᠴᠢᠯᠠᠯ᠂ ᠠᠮᠲᠠᠲᠤ ᠢᠳᠡᠭᠡᠨ ᠤ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠣᠷᠣᠨ ᠨᠤᠲᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠯᠢᠶᠠᠩᠴᠧᠩ ᠰᠢᠶᠠᠨ ᠤ ᠢᠷᠠᠭᠤ ᠠᠯᠳᠠᠷ ᠤᠨ ᠬᠡᠮᠵᠢᠶ᠎ᠡ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ  ᠂ ᠯᠢᠶᠠᠩᠴᠧᠩ ᠰᠢᠶᠠᠨ 7 ᠰᠠᠷ᠎ᠠ ᠶᠢᠨ 17᠎ ᠤ ᠡᠳᠦᠷ ᠠᠴᠠ 23᠎ ᠤ ᠡᠳᠦᠷ ᠪᠣᠯᠲᠠᠯ᠎ᠠ ︽ ᠲᠠᠭ᠎ᠠ ᠶᠢᠨ ᠨᠠᠭᠤᠷ ᠤᠨ ᠵᠤᠨ︾ ᠵᠢᠴᠢ ︽ᠬᠠᠲᠤᠨ ᠭᠤᠤᠯ ᠤᠨ ᠬᠡᠳᠦᠨ ᠥᠰᠥᠭ ᠤᠨ ᠮᠤᠷᠦ᠋ᠢᠯᠲᠠ︾᠎ ᠶᠢᠨ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠪᠠᠶᠠᠷ ᠤᠨ ᠠᠵᠢᠯᠯᠠᠭ᠎ᠠ ᠥᠷᠨᠢᠭᠦᠯᠬᠦ ᠪᠠᠷ ᠪᠣᠶ᠂ ᠣᠳᠣᠬᠠᠨ ᠳᠤ᠂ ᠭᠤᠤᠯ ᠬᠤᠷᠠᠯ ᠤᠨ ᠲᠠᠯᠠᠪᠠᠶ᠂ ᠬᠤᠪᠢᠶᠠᠷᠢ ᠬᠤᠷᠠᠯ ᠤᠨ ᠲᠠᠯᠠᠪᠠᠶ ᠶᠢᠨ ᠡᠯ᠎ᠡ  ᠵᠤᠶᠢᠯ ᠤᠨ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃  
   16᠎ ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠳ᠋ᠠᠶᠢᠬ᠎ᠠ ᠠᠭᠤᠳᠠᠮ ᠲᠠᠯᠠᠪᠠᠢ ᠶᠢᠨ ᠭᠤᠣᠯ ᠬᠤᠷᠠᠯ ᠤᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠵᠢᠯᠲᠠᠳ ᠬᠠᠮᠢᠶ᠎ᠠ ᠪᠦᠬᠦᠢ ᠠᠵᠢᠯᠯᠠᠭ᠎ᠠ ᠶᠢᠨ ᠲᠥᠰᠦᠯ ᠶᠣᠰᠣᠭᠠᠷ ᠪᠠᠴᠢᠮ ᠶᠠᠭᠠᠷᠠᠯᠲᠠᠢ ᠠᠵᠢᠯᠯᠠᠵᠤ ᠪᠠᠶᠢᠬᠤ ᠶᠢ ᠣᠯᠵᠤ ᠬᠠᠷᠠᠵᠠᠢ᠃ ᠬᠤᠪᠢᠶᠠᠷᠢ ᠬᠤᠷᠠᠯ ᠤᠨ ᠲᠠᠯᠠᠪᠠᠢ ᠶᠢᠨ ᠳ᠋ᠠᠢ ᠬᠠᠢ ᠶᠢᠨ ᠦᠵᠡᠮᠵᠢ ᠶᠢᠨ ᠲᠣᠭᠤᠷᠢᠭ᠂ ᠠᠮᠲᠠᠲᠤ ᠢᠳᠡᠭᠡᠨ ᠤ ᠵᠡᠭᠡᠯᠢ ︵ᠲᠣᠭᠤᠷᠢᠭ︶᠎ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠡᠷᠢ ᠲᠡᠭᠰᠢ ᠡᠮᠦᠰᠴᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠯᠢᠪᠠ ᠪᠡᠯᠡᠳᠬᠡᠯ ᠠᠵᠢᠯ ᠢ ᠰᠠᠶᠢᠲᠤᠷ ᠬᠢᠵᠦ᠂ ᠬᠤᠷᠠᠯ ᠤᠨ ᠲᠠᠯᠠᠪᠠᠢ ᠶᠢᠨ ᠡᠷᠬᠢᠨ ᠲᠣᠭᠤᠷᠢᠨ ᠳᠤ ᠮᠠᠨ ᠤ ᠰᠢᠶᠠᠨ ᠤ ᠨᠡᠷᠡᠰ ᠤᠨ ᠵᠢᠭᠰᠠᠭᠠᠯᠲᠠ ᠳᠤ ᠤᠷᠤᠭᠰᠠᠨ ᠨᠡᠷᠡᠳᠦ ᠨᠣᠭᠤᠭ᠎ᠠ ᠶᠢᠨ ᠦᠵᠡᠰᠬᠦᠯᠡᠩ᠂ ᠠᠮᠲᠠᠲᠤ ᠢᠳᠡᠭᠡᠨ ᠤ ᠺᠠᠷᠲ ᠴᠣᠬᠢᠬᠤ ᠴᠡᠭ᠂ ᠰᠦᠯᠵᠢᠶᠡᠨ ᠳᠡᠭᠡᠷᠡᠬᠢ ᠺᠠᠷᠲ ᠴᠣᠬᠢᠬᠤ ᠴᠡᠭ᠂ ᠠᠮᠲᠠᠲᠤ ᠢᠳᠡᠭᠡᠨ ᠤ ᠳᠡᠯᠭᠡᠭᠡ ᠮᠠᠶᠢᠮᠠᠢ ᠵᠡᠷᠭᠡ ᠶᠢ ᠲᠡᠰ ᠳᠠᠷᠠᠭᠠᠯᠠᠨ ᠲᠤᠬᠢᠷᠠᠭᠤᠯᠵᠠᠢ᠃  
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠮᠲᠠᠲᠤ ᠢᠳᠡᠭᠡᠨ ᠤ ᠪᠠᠶᠠᠷ ᠢ ᠰᠠᠶᠢᠲᠤᠷ ᠡᠷᠭᠢᠯᠡᠬᠦ ᠶᠢᠨ ᠲᠥᠯᠥᠭᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠥᠬᠦ ᠠᠵᠢᠯᠲᠠᠳ ᠣᠷᠣᠯᠴᠠᠵᠤ᠂ ᠵᠠᠷ ᠮᠡᠳᠡᠭᠡ  ᠤᠬᠠᠭᠤᠯᠵᠤ᠂ ᠢᠳᠡᠭᠡᠨ ᠤ ᠮᠠᠲ᠋ᠧᠷᠢᠶᠠᠯ ᠰᠣᠩᠭᠤᠬᠤ᠂ ᠲᠠᠪᠴᠠᠩ ᠪᠠᠶᠢᠭᠤᠯᠬᠤ ᠵᠡᠷᠭᠡ ᠡᠯ᠎ᠡ  ᠵᠤᠶᠢᠯ ᠤᠨ ᠨᠠᠷᠢᠨ  ᠵᠤᠶᠢᠯᠡᠰ ᠠᠴᠠ ᠣᠯᠠᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ᠂ ᠣᠶᠤᠨ ᠤᠬᠠᠭᠠᠨ ᠭᠠᠷᠭᠠᠬᠤ ᠮᠥᠷᠲᠡᠭᠡᠨ ᠬᠦᠴᠦᠨ ᠴᠢᠳᠠᠯ ᠢᠶᠠᠨ ᠭᠠᠷᠭᠠᠵᠤ᠂ ᠠᠵᠢᠯᠯᠠᠭ᠎ᠠ ᠶᠢ ᠲᠣᠭᠲᠠᠭᠰᠠᠨ ᠬᠤᠭᠤᠴᠠᠭᠠᠨ ᠳᠠᠭᠠᠨ ᠲᠡᠭᠦᠰ ᠠᠮᠵᠢᠯᠲᠠ ᠲᠠᠢ ᠡᠷᠭᠢᠯᠡᠬᠦ ᠶᠢ ᠦᠨᠡᠨ ᠬᠦ ᠪᠠᠲᠤᠯᠠᠵᠤ ᠪᠠᠶᠢᠨ᠎ᠠ᠃ ᠯᠢᠶᠠᠩᠴᠧᠩ ᠰᠢᠶᠠᠨ ᠤ ᠰᠣᠶᠣᠯ ᠪᠠ ᠵᠤᠭᠠᠴᠠᠯ ᠤᠨ ᠲᠣᠪᠴᠢᠶᠠᠨ ᠤ ᠳᠠᠷᠤᠭ᠎ᠠ ᠵᠠᠩ ᠰᠢᠶᠤᠤ ᠹᠸᠢ ᠲᠠᠨᠢᠯᠴᠠᠭᠤᠯᠬᠤ ᠳᠠᠭᠠᠨ᠄  ︽ᠡᠨᠡ ᠤᠳᠠᠭ᠎ᠠ ᠶᠢᠨ ᠠᠵᠢᠯᠯᠠᠭ᠎ᠠ ᠶᠢᠨ ᠬᠡᠪ ᠤᠨ ᠶᠣᠰᠣᠭᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠪᠢᠳᠡ ᠡᠮᠦᠨᠡᠬᠢ ᠬᠤᠭᠤᠴᠠᠭᠠᠨ ᠳᠤ ᠶᠡᠭᠡ ᠬᠡᠮᠵᠢᠶᠡᠨ ᠤ ᠠᠵᠢᠯ ᠬᠢᠵᠦ᠂ ᠲᠠᠶᠢᠰᠠᠨ ᠤ ᠪᠦᠲᠦᠴᠡ ᠪᠠᠶᠢᠭᠤᠯᠬᠤ ᠳᠦᠷᠢᠮ ᠪᠣᠯᠤᠨ ᠭᠤᠣᠯ ᠬᠤᠷᠠᠯ ᠤᠨ ᠲᠠᠯᠠᠪᠠᠶ ᠶᠢᠨ ᠦᠵᠡᠭᠦᠯᠦᠯᠭᠡ ᠶᠢᠨ ᠲᠣᠭᠤᠷᠢᠭ᠂ ᠦᠵᠡᠭᠦᠯᠦᠯᠭᠡ ᠶᠢᠨ ᠪᠠᠶᠢᠷᠢ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠨ ᠳᠡᠭᠡᠨ ᠨᠠᠶᠢᠳᠠᠪᠤᠷᠢᠵᠢᠭᠤᠯᠵᠤ᠂ ᠥᠨᠥᠳᠦᠷ ᠤᠨ ᠦᠳᠡ ᠶᠢᠨ ᠬᠤᠶᠢᠨ᠎ᠠ ᠪᠦᠬᠦ ᠠᠵᠢᠯ ᠢ ᠪᠡᠯᠡᠳᠬᠡᠵᠦ ᠳᠠᠭᠤᠰᠬᠠᠭᠠᠳ᠂ ᠠᠵᠢᠯᠯᠠᠭ᠎ᠠ ᠶᠢᠨ ᠬᠤᠭᠤᠴᠠᠭᠠᠨ ᠳᠠᠬᠢ ᠭᠤᠣᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠭᠰᠠᠨ ᠪᠠᠶᠢᠨ᠎ᠠ︾᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2