7 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 23 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ | ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ | ᠤᠳᠠᠭ᠎ᠠ ᠶᠢᠨ ᠬᠤᠷᠠᠯ᠂ ᠰᠢᠶᠠᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠᠳᠤ ᠰᠤᠷᠭᠠᠭᠤᠯᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠵᠢᠷᠭᠤᠳᠤᠭᠠᠷ ᠪᠦᠬᠦᠳᠠ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ︽ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ | ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ︔ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ᠂ | ᠪᠥᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ | ᠲᠤᠰᠬᠠᠶᠢᠯᠠᠨ ᠵᠠᠰᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠂ ᠪᠥᠬᠦ ᠰᠢᠶᠠᠨ ᠤ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ | ᠵᠣᠭᠤᠰ ᠢ ᠢᠯᠭᠠᠷᠠᠭᠤᠯᠤᠨ ᠳᠢᠭᠯᠡᠬᠦ ᠠᠵᠢᠯ ᠢ ᠠᠬᠢᠭᠤᠯᠤᠭᠰᠠᠨ ᠪᠠᠶᠢᠳᠠᠯ ᠵᠢᠴᠢ ᠪᠥᠬᠦ ᠰᠢᠶᠠᠨ ᠤ ᠵᠢᠭᠤᠯᠴᠢᠯᠠᠯ ᠤᠨ | ᠣᠷᠴᠢᠨ ᠨᠥᠬᠦᠴᠡᠯ ᠢ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠤᠨ᠎ᠠ︔ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠳᠥᠷᠪᠡᠳᠦᠭᠡᠷ ᠪᠥᠬᠦᠳᠡ ᠬᠤᠷᠠᠯ ᠤᠨ ᠬᠤᠷᠠᠯᠳᠤᠭᠠᠨ ᠤ ᠵᠥᠪᠯᠡᠬᠦ ᠵᠦᠢᠯ᠂ ︽ᠯᠢᠶᠠᠩᠴᠧᠩ ᠰᠢᠶᠠᠨ ᠤ ᠰᠢᠨᠵᠢᠯᠡᠬᠦ | ᠤᠬᠠᠭᠠᠨ ᠮᠡᠷᠭᠡᠵᠢᠯ ᠢᠶᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠰᠠᠭᠠᠷᠮᠠᠭᠵᠢᠭᠤᠯᠬᠤ ᠶᠠᠪᠤᠳᠠᠯ ᠢ ᠲᠤᠯᠭᠠᠭᠤᠷᠢᠯᠠᠬᠤ ᠬᠡᠷᠡᠭᠵᠢᠭᠦᠯᠬᠦ ᠲᠥᠰᠦᠯ︾ ᠵᠢᠴᠢ | ᠬᠤᠯᠪᠣᠭᠳᠠᠯ ᠪᠦᠬᠦᠢ ᠬᠤᠪᠢᠶᠠᠷᠢ ᠲᠥᠰᠦᠯ ᠢ ᠬᠢᠨᠠᠨ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ | ᠵᠢᠴᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠰᠤᠯᠠ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ | ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ | ᠠᠭᠤᠯᠭ᠎ᠠ ᠲᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠤᠨᠤᠯ ᠤᠨ ᠰᠢᠨ᠎ᠡ ᠶᠢ | ᠡᠭᠦᠳᠬᠦ ᠪᠠ ᠰᠠᠶᠢᠨ ᠲᠠᠭᠤᠨ᠂ ᠰᠠᠶᠢᠨ ᠤᠯᠠᠮᠵᠢᠯᠠᠯ᠂ ᠰᠠᠶᠢᠨ ᠦᠯᠢᠬᠡᠷ᠂ ᠰᠠᠶᠢᠨ ᠵᠣᠷᠢᠭ ᠰᠠᠨᠠᠭ᠎ᠠ ᠶᠢ ᠡᠭᠡᠯ | ᠠᠷᠠᠳ ᠤᠨ ᠭᠡᠷ ᠲᠤ ᠤᠯᠠᠮᠵᠢᠯᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠠᠵᠢᠯ ᠢ ᠦᠨᠳᠦᠰᠦᠨ ᠱᠠᠲᠤᠨ ᠳᠤ | ᠠᠭᠤᠰᠤᠯᠴᠠᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠵᠠᠯᠠᠭᠤᠴᠤᠳ ᠤᠨ | ᠠᠵᠢᠯ ᠤᠨ ᠪᠦᠬᠦ ᠰᠢᠶᠠᠨ ᠤ ᠭᠤᠣᠯ ᠠᠵᠢᠯ ᠳᠤ ᠦᠢᠯᠡᠴᠢᠯᠡᠬᠦ ᠭᠠᠷᠳᠠᠴᠠ ᠪᠠ ᠤᠶᠠᠯᠳᠤᠯ ᠤᠨ ᠴᠡᠭ ᠢ ᠣᠨᠣᠪᠴᠢᠲᠠᠢ | ᠣᠯᠵᠤ᠂ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷᠡᠩᠭᠦᠢ ᠪᠠᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ | ᠳᠠᠶᠢᠴᠢᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠦᠷᠭᠦᠯᠵᠢᠯᠡᠨ ᠥᠷᠭᠡᠳᠬᠡᠵᠦ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ | ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠤᠨ ᠱᠠᠭᠠᠷᠳᠠᠯᠭ᠎ᠠ | ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠢᠶᠠᠨ ᠬᠠᠯᠠᠨ | ᠰᠠᠶᠢᠵᠢᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠠᠮᠵᠢᠯᠲᠠ | ᠪᠦᠲᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠠᠮᠤᠷ ᠲᠦᠪᠰᠢᠨ ᠢᠶᠠᠷ ᠦᠨᠳᠦᠰᠦ | ᠪᠣᠯᠭᠠᠬᠤ᠂ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠬᠤ᠂ ᠠᠵᠤ ᠠᠬᠤᠢ ᠶᠢᠨ ᠠᠮᠤᠷ ᠲᠦᠪᠰᠢᠨ ᠢᠶᠠᠷ | ᠰᠠᠭᠤᠷᠢ ᠪᠣᠯᠭᠠᠬᠤ᠂ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠵᠦᠢᠯ ᠤᠨ | ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠨᠢᠭᠲᠠ | ᠤᠶᠠᠯᠳᠤᠭᠤᠯᠵᠤ᠂ ᠠᠷᠠᠳ ᠤᠯᠠᠨ ᠤ ᠬᠠᠮᠤᠭ ᠠᠴᠠ ᠬᠦᠰᠡᠨ ᠡᠷᠡᠮᠡᠯᠵᠡᠵᠦ ᠪᠠᠶᠢᠭ᠎ᠠ ᠬᠦᠷᠢᠶ᠎ᠡ᠂ ᠬᠠᠮᠤᠭ ᠠᠴᠠ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠵᠢᠴᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠴᠡᠭ ᠢᠶᠠᠷ ᠨᠡᠶᠢᠳᠡᠮ ᠢ | ᠲᠠᠶᠢᠴᠢᠯᠠᠨ᠂ ᠭᠦᠢᠬᠡᠨ ᠠᠴᠠ ᠭᠦᠨᠵᠡᠭᠡᠶᠢᠷᠡᠭᠦᠯᠵᠦ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠭᠤᠯᠵᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠢᠵᠢ ᠪᠦᠷᠢᠳᠦᠭᠦᠯᠬᠦ ᠦᠶ᠋ᠯᠡᠴᠢᠯᠡᠭᠡ ᠶᠢ | ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠠᠮᠤᠷ ᠲᠦᠪᠰᠢᠨ᠂ ᠡᠮᠬᠢ | ᠵᠢᠷᠤᠮ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |