6 ᠰᠠᠷ᠎ᠠ ᠶᠢᠨ 30 ᠤ ᠡᠳᠦᠷ᠂ ᠮᠠᠶᠢᠬᠤᠳᠤ ᠪᠠᠯᠭᠠᠰᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠤᠷᠠᠯᠳᠤᠵᠤ᠂ ᠬᠤᠷᠠᠯᠳᠤᠭᠠᠨ ᠳᠤ | ᠣᠷᠣᠯᠴᠠᠬᠤ ᠶᠣᠰᠣᠲᠠᠶ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 62 | ᠬᠥᠮᠦᠨ᠂ ᠪᠣᠳᠠᠲᠠᠶ ᠣᠷᠣᠯᠴᠠᠭᠰᠠᠨ ᠨᠢ 55 ᠬᠥᠮᠦᠨ ᠪᠠᠶᠢᠵᠤ᠂ ᠬᠠᠤᠯᠢ ᠪᠠᠷ ᠲᠣᠭᠲᠠᠭᠠᠭᠰᠠᠨ ᠣᠷᠣᠯᠴᠠᠬᠤ | ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃ | | | | | | ᠬᠤᠷᠠᠯ ᠠᠴᠠ ᠮᠠᠶᠢᠬᠤᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ | 2022 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2023 ᠣᠨ ᠤ ᠡᠳ᠋ ᠤᠨ | ᠵᠠᠰᠠᠭ ᠤᠨ ᠲᠥᠰᠦᠪ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ | ᠵᠡᠷᠭᠡ ᠶᠢ ᠰᠣᠨᠣᠰᠴᠤ ᠬᠢᠨᠠᠨ ᠵᠥᠪᠯᠡᠵᠦ᠂ ᠡᠯ᠎ᠡ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠰᠠᠨ | ᠪᠥᠭᠡᠳ ᠰᠢᠢᠳᠪᠦᠷᠢ ᠭᠠᠷᠭᠠᠪᠠ᠃ ᠬᠤᠷᠠᠯ ᠠᠴᠠ 2023 ᠣᠨ ᠤ ᠮᠠᠶᠢᠬᠤᠳᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠢ | ᠰᠣᠨᠣᠰᠤᠨ ᠬᠢᠨᠠᠨ ᠵᠥᠪᠯᠡᠵᠦ᠂ ᠪᠢᠯᠧᠲ ᠥᠭᠴᠦ ᠲᠠᠰᠤᠯᠤᠯᠳᠠ ᠬᠢᠵᠦ 2023 ᠣᠨ ᠤ ᠮᠠᠶᠢᠬᠤᠳᠤ ᠪᠠᠯᠭᠠᠰᠤᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠪᠠ᠃ | 2023 ᠣᠨ ᠳᠤ᠂ ᠮᠠᠶᠢᠬᠤᠳᠤ ᠪᠠᠯᠭᠠᠰᠤ ᠨᠢ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠶᠡᠭᠡ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠪᠣᠯᠤᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠦᠳᠦᠯᠦᠨ ᠳᠠᠭᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ︽ᠲᠠᠭᠠᠭᠤᠯᠤᠭᠴᠢ︾ ︽ | ᠲᠠᠭᠠᠭᠤᠯᠤᠭᠴᠢ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠠᠷᠠᠳ ᠢᠶᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠵᠤ ᠦᠢᠯᠡᠰ ᠤᠨ | ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠵᠤ᠂ ᠨᠢᠭᠡᠳ ᠨᠢᠭᠡ ᠪᠠᠷ ᠰᠠᠶᠢᠲᠤᠷ ᠰᠢᠢᠳᠪᠦᠷᠢᠯᠡᠵᠦ᠂ | ᠪᠦᠬᠦ ᠪᠠᠯᠭᠠᠰᠤᠨ ᠤ ᠠᠷᠠᠳ ᠲᠦᠮᠡᠨ ᠢ ᠦᠨᠡᠨᠬᠦ ᠨᠡᠩ ᠪᠠᠲᠤᠯᠠᠭ᠎ᠠ ᠲᠠᠢ᠂ ᠨᠡᠩ ᠴᠢᠨᠠᠷ ᠴᠢᠨᠰᠠᠭ᠎ᠠ ᠲᠠᠢ | ᠠᠮᠢᠳᠤᠷᠠᠭᠤᠯᠤᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |