ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠶ ᠲᠠᠲᠠᠪᠤᠷᠢᠯᠠᠬᠤ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/2
    6 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠰᠢᠤᠢ ᠫᠠᠨ ᠤ  ᠳᠠᠭᠠᠭᠤᠯᠤᠭᠰᠠᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠤᠰᠤ ᠭᠠᠷᠭᠠᠬᠤ ᠠᠮᠠᠰᠠᠷ ᠪᠣᠯᠤᠨ ᠵᠢᠷᠭᠤᠳᠤᠭᠠᠷ ᠰᠤᠮᠤ ᠪᠠᠯᠭᠠᠰᠤᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠶᠠᠷᠢᠯᠴᠠᠨ ᠰᠣᠯᠢᠯᠴᠠᠬᠤ ᠬᠡᠯᠪᠡᠷᠢ ᠪᠠᠷ ᠮᠠᠨ ᠤ ᠰᠢᠶᠠᠨ ᠤ ᠬᠥᠳᠡᠭᠡ ᠲᠣᠰᠬᠤᠨ ᠤ ᠭᠠᠵᠠᠷ ᠰᠢᠷᠣᠢ ᠶᠢ ᠲᠠᠲᠠᠪᠤᠷᠢᠯᠠᠬᠤ ᠶᠠᠪᠤᠴᠠ ᠵᠢᠴᠢ ᠨᠥᠬᠦᠪᠥᠷᠢᠯᠡᠬᠦ ᠪᠠᠷᠢᠮᠵᠢᠶ᠎ᠠ ᠶᠢ ᠨᠠᠷᠢᠨ ᠨᠢᠭᠲᠠ ᠤᠢᠢᠯᠠᠭᠠᠭᠰᠠᠨ ᠪᠥᠭᠡᠳ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠠᠵᠢᠯᠲᠠᠳ ᠲᠠᠢ ᠠᠵᠢᠯ ᠤᠨ ᠲᠤᠷᠰᠢᠯᠭ᠎ᠠ ᠠᠷᠭ᠎ᠠ ᠬᠢᠳᠡᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠥᠷᠭᠡᠨ ᠭᠦᠨᠵᠡᠭᠡᠢ ᠰᠣᠯᠢᠯᠴᠠᠵᠠᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠣᠶᠢᠷ᠎ᠠ ᠶᠢᠨ ᠵᠢᠯ ᠤᠨ ᠭᠠᠵᠠᠷ ᠰᠢᠷᠣᠶ ᠲᠠᠲᠠᠪᠤᠷᠢᠯᠠᠬᠤ ᠠᠵᠢᠯ ᠤᠨ ᠣᠯᠤᠭᠰᠠᠨ ᠢᠳᠡᠪᠬᠢᠲᠡᠶ ᠦᠷ᠎ᠡ ᠪᠦᠲᠦᠮᠵᠢ ᠶᠢ ᠭᠦᠶ᠋ᠴᠡᠳ ᠨᠤᠲᠠᠯᠠᠬᠤ ᠶᠢᠨ ᠬᠠᠮᠲᠤ᠂ ᠭᠠᠵᠠᠷ ᠰᠢᠷᠣᠶ ᠲᠠᠲᠠᠪᠤᠷᠢᠯᠠᠬᠤ ᠠᠵᠢᠯ ᠪᠣᠯ ᠨᠢᠭᠡ ᠵᠦᠶ᠋ᠯ ᠤᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠂ ᠬᠤᠯᠪᠣᠭᠳᠠᠬᠤ ᠬᠡᠪᠴᠢᠶ᠎ᠡ ᠨᠢ ᠥᠷᠭᠡᠨ ᠪᠣᠯᠬᠤᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ᠂ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠰᠠᠶᠢᠲᠤᠷ ᠬᠡᠷᠡᠭᠯᠡᠵᠦ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠢᠯᠡᠷᠬᠡᠶᠢᠯᠡᠪᠡ᠃                                     ᠨᠠᠶᠢᠷᠠᠭᠤᠯᠤᠭᠴᠢ᠄  ᠯᠢ ᠬᠤᠩ ᠢᠦᠢ                                       ᠤᠷᠴᠢᠭᠤᠯᠤᠭᠴᠢ᠄   ᠼᠦᠢ ᠴᠢᠩ                                                                     ᠢᠷᠡᠯᠳᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2