ᠮᠠᠨ ᠤ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/7/2
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠬᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠡᠯ᠎ᠡ ᠨᠢᠭᠡᠴᠢ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠷᠢᠰ ᠠᠵᠢᠯᠯᠠᠭ᠎ᠠ ᠥᠷᠨᠢᠭᠦᠯᠵᠦ ᠨᠠᠮ ᠤᠨ ᠲᠦᠷᠦᠭᠰᠡᠨ ᠡᠳᠦᠷ ᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠠ ᠠᠭᠤᠤ ᠶᠡᠭᠡ ᠠᠮᠵᠢᠯᠲᠠ ᠶᠢ ᠮᠠᠭᠲᠠᠨ ᠳᠠᠭᠤᠯᠠᠵᠠᠢ᠃
      ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠤᠪᠴᠢᠶ᠎ᠠ ᠥᠷᠭᠡᠨ ᠤᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠵᠢᠨᠢᠩ ᠤᠨ ᠳᠠᠶᠢᠯᠠᠯᠳᠤᠭᠠᠨ ᠤ ᠣᠷᠳᠣᠨ ᠳᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠳᠤ ᠣᠷᠣᠯᠴᠠᠭᠰᠠᠨ ᠪᠦᠬᠦ ᠨᠠᠮ ᠤᠨ ᠭᠡᠰᠢᠭᠦᠳ ᠲᠥᠪ ᠴᠢᠩᠭ᠎ᠠ ᠪᠠᠷ ᠪᠠᠷᠠᠭᠤᠨ ᠤ ᠨᠢᠳᠤᠷᠭ᠎ᠠ ᠪᠠᠨ ᠡᠷᠭᠦᠵᠦ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠡᠰ ᠰᠢᠭᠤᠷᠬᠠᠢ ᠪᠠᠷ ᠳᠠᠪᠲᠠᠨ ᠤᠩᠰᠢᠵᠤ᠂ ᠨᠠᠮ ᠤᠨ ᠭᠡᠰᠢᠭᠦᠨ ᠨᠢᠭᠡᠪᠦᠷᠢ ᠶᠢ ᠳᠠᠬᠢᠨᠲᠠ ᠠᠮᠠᠯᠠᠯᠲᠠ ᠪᠠᠷ ᠢᠶᠠᠨ ᠤᠭ ᠰᠠᠨᠠᠭ᠎ᠠ ᠪᠠᠨ ᠪᠠᠲᠤ ᠰᠠᠬᠢᠵᠤ᠂ ᠦᠢᠯᠡ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦᠯᠬᠦ ᠪᠠᠷ ᠡᠷᠡᠰ ᠲᠠᠩᠭᠠᠷᠢᠭᠯᠠᠪᠠ᠃ ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠪᠠᠰᠠ ᠤᠯᠠᠭᠠᠨᠴᠠᠪ ᠤᠨ ᠿᠢ ᠱᠧᠩ ᠴᠢᠯᠠᠭᠤᠨ ᠲᠣᠰᠣᠨ ᠤ ᠲᠣᠰᠣ ᠨᠡᠮᠡᠬᠦ ᠥᠷᠲᠡᠭᠡ᠂ ᠥᠪᠥᠷ ᠮᠣᠩᠭᠤᠯ ᠤᠨ ᠭᠦᠸᠧ ᠴᠧᠩ ᠠᠵᠤ  ᠤᠶᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢᠶᠠᠷ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠵᠤ᠂  ᠰᠢᠢᠳᠪᠤᠷᠢᠯᠡᠬᠦ ᠠᠷᠭ᠎ᠠ ᠶᠢ ᠬᠠᠮᠲᠤ ᠪᠠᠷ ᠰᠦᠪᠡᠭᠴᠢᠯᠡᠨ᠂ ᠮᠠᠨ ᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠠᠵᠤ  ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠦᠴᠦᠨ ᠴᠢᠳᠠᠯ ᠢᠶᠠᠨ ᠡᠷᠭᠦᠪᠡ  ᠃
       7 ᠰᠠᠷ᠎ᠠ ᠶᠢᠨ 1 ᠤ ᠡᠳᠦᠷ᠂ ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ︽ᠲᠤᠯᠤᠭᠠᠨ ᠰᠠᠷ᠎ᠠ ᠶᠢᠨ ᠨᠢᠭᠡᠨ ᠢ ᠤᠭᠲᠤᠬᠤ᠂ ᠨᠠᠮ ᠤᠨ ᠠᠴᠢ ᠶᠢ ᠮᠡᠳᠡᠷᠡᠬᠦ᠂ ᠰᠢᠨ᠎ᠡ ᠭᠠᠪᠢᠶ᠎ᠠ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠤᠯ ᠰᠡᠳᠦᠪ ᠪᠣᠯᠭᠠᠭᠰᠠᠨ ᠨᠠᠮ ᠪᠠᠶᠢᠭᠤᠯᠤᠭᠳᠠᠭᠰᠠᠨ 102 ᠵᠢᠯ ᠤᠨ ᠣᠶ ᠵᠢᠴᠢ ᠠᠷᠪᠠᠨ  ᠨᠠᠢᠮᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠪᠠᠶᠠᠷ ᠤᠨ ᠠᠵᠢᠯᠯᠠᠭ᠎ᠠ ᠶᠢ ᠡᠷᠭᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠳᠤ ︽ᠢᠷᠠᠭᠤ ᠠᠯᠳᠠᠷᠲᠤ ᠨᠠᠮ ᠳᠤ ᠪᠠᠶᠢᠭ᠎ᠠ 50 ᠵᠢᠯ ᠤᠨ ᠳᠤᠷᠠᠰᠬᠠᠯ ᠤᠨ ᠲᠡᠮᠳᠡᠭ︾ ᠭᠠᠷᠳᠠᠭᠤᠯᠪᠠ︔ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯ ᠤᠨ ᠠᠵᠢᠯᠳᠠᠨ ᠵᠢᠴᠢ ︽ᠬᠦᠴᠦᠷᠬᠡᠭ ᠤᠯᠤᠰ ᠠᠴᠠ ᠰᠤᠷᠤᠯᠴᠠᠭᠰᠠᠨ ᠰᠢᠯᠢᠳᠡᠭ ᠰᠤᠷᠤᠭᠴᠢᠳ︾ ᠢ ᠬᠥᠬᠢᠭᠦᠯᠦᠨ ᠰᠠᠶᠢᠰᠢᠶᠠᠪᠠ᠃ ᠪᠠᠶᠠᠷ ᠪᠠᠶᠠᠰᠬᠤᠯᠠᠩ ᠲᠠᠢ ᠪᠥᠵᠢᠭ ︽ᠰᠡᠷᠡᠯ ᠮᠣᠷᠢ︾ ᠶᠢ ᠳᠠᠭᠤᠯᠠᠬᠤ ᠶᠢ ᠲᠠᠭᠠᠯᠳᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠵᠢᠩᠬᠢᠨᠢ ᠪᠠᠷ ᠡᠬᠢᠯᠡᠵᠦ᠂ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠢᠷᠠᠭᠤ ᠰᠠᠶᠢᠬᠠᠨ ᠠᠶᠠᠰ ᠨᠢ ᠥᠷᠭᠡᠨ ᠤᠯᠠᠨ ᠪᠠᠭᠰᠢ ᠰᠤᠷᠤᠭᠴᠢᠳ ᠤᠨ ᠡᠬᠡ ᠤᠯᠤᠰ ᠲᠠᠭᠠᠨ ᠬᠠᠨᠳᠤᠭᠤᠯᠤᠭᠰᠠᠨ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠳᠤ ᠬᠠᠨᠳᠤᠭᠤᠯᠤᠭᠰᠠᠨ ᠭᠦᠨ ᠵᠤᠵᠠᠭᠠᠨ ᠬᠦᠰᠡᠯ ᠵᠥᠩᠨᠡᠯ ᠢ ᠤᠶᠠᠩᠭᠠᠯᠠᠵᠠᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ﹇10﹈ ᠤ ᠪᠠᠨ ᠯᠢ ᠵᠢᠶᠤ ᠬᠡᠯᠡᠬᠦ ᠳᠡᠭᠡᠨ᠄ ︽ᠲᠤᠰ ᠤᠳᠠᠭᠠᠨ ᠤ ᠠᠵᠢᠯᠯᠠᠭ᠎ᠠ ᠨᠢ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠮᠲᠤ ᠰᠤᠷᠤᠭᠴᠢᠳ ᠲᠤ ᠥᠪᠡᠷ ᠢ ᠪᠠᠨ ᠢᠯᠡᠷᠡᠭᠦᠯᠬᠦ ᠲᠠᠪᠴᠠᠩ ᠢ ᠠᠪᠴᠢᠷᠠᠵᠤ ᠥᠭᠭᠦᠭᠰᠡᠨ ᠶᠤᠮ᠂ ᠪᠢᠳᠡ ᠬᠤᠶᠢᠰᠢᠳᠠ ᠶᠢᠨ ᠰᠤᠷᠤᠯᠴᠠᠯᠭ᠎ᠠ ᠳᠤᠮᠳᠠ ᠪᠠᠨ ᠯᠠᠪᠲᠠᠶ ᠴᠢᠷᠮᠠᠶᠢᠨ ᠲᠡᠮᠡᠴᠡᠵᠦ᠂ ᠡᠷᠲᠡ ᠨᠢᠭᠡᠨ ᠡᠳᠦᠷ ᠤᠯᠤᠰ ᠣᠷᠣᠨ ᠤ ᠲᠤᠯᠭᠠᠭᠤᠷᠢ ᠬᠦᠴᠦᠨ ᠪᠣᠯᠬᠤ ᠶᠤᠮ︾ ᠭᠡᠵᠡᠶ᠃ ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ ᠸᠠᠩ ᠵᠢᠶᠦ᠋ᠨ ᠬᠡᠯᠡᠬᠦ ᠳᠡᠭᠡᠨ᠄ ︽ᠬᠤᠶᠢᠰᠢᠳᠠ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠠᠶᠢᠲᠤᠷ ᠲᠤᠤᠱᠯᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠢ ᠰᠠᠶᠢᠲᠤᠷ ᠨᠠᠶᠢᠳᠠᠪᠤᠷᠢᠵᠢᠭᠤᠯᠤᠨ᠂ ᠬᠡᠪ ᠴᠢᠨᠠᠷ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠳᠠᠷᠠᠭᠤᠯᠵᠤ᠂ ᠬᠤᠶᠢᠰᠢᠳᠠ ᠶᠢᠨ ᠵᠢᠭᠠᠨ ᠰᠤᠷᠭᠠᠯᠲᠠ ᠶᠢᠨ ᠠᠵᠢᠯ ᠢᠶᠠᠨ ᠨᠠᠩ ᠰᠠᠶᠢᠲᠤᠷ ᠬᠢᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠰᠢᠨ᠎ᠡ ᠭᠠᠪᠢᠶ᠎ᠠ ᠪᠠᠶᠢᠭᠤᠯᠤᠨ᠎ᠠ︾ ᠭᠡᠵᠡᠶ᠃
   ᠲᠤᠯᠤᠭᠠᠨ ᠰᠠᠷ᠎ᠠ ᠶᠢᠨ ᠨᠢᠭᠡᠨ ᠠᠴᠠ ᠡᠮᠦᠨᠡᠬᠡᠨ᠂  ᠮᠠᠩᠬᠠᠨ ᠪᠠᠯᠭᠠᠰᠤᠨ ᠤ ᠨᠠᠮ ᠤᠨ ᠬᠤᠷᠢᠶ᠎ᠠ ᠬᠦᠴᠢᠷᠳᠡᠯ ᠲᠠᠢ ᠨᠠᠮ ᠤᠨ ᠭᠡᠰᠢᠭᠦᠨ ᠪᠣᠯᠤᠨ ᠠᠬᠠᠮᠠᠳ ᠨᠠᠮ ᠤᠨ ᠭᠡᠰᠢᠭᠦᠨ ᠢ ᠮᠥᠷᠥᠭᠡᠳᠦᠨ ᠰᠠᠨᠠᠭᠠᠯᠵᠠᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠮᠠᠶᠢᠬᠤᠲᠤ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ︽ᠲᠤᠯᠤᠭᠠᠨ ᠰᠠᠷ᠎ᠠ ᠶᠢᠨ ᠨᠢᠭᠡᠨ ᠢ ᠤᠭᠲᠤᠬᠤ᠂ ᠤᠬ ᠰᠠᠨᠠᠭ᠎ᠠ ᠪᠠᠨ ᠡᠷᠭᠢᠴᠡᠭᠦᠯᠬᠦ᠂ ᠨᠠᠮᠴᠢ ᠴᠢᠨᠠᠷ ᠢᠶᠠᠨ ᠴᠢᠩᠭᠠᠳᠬᠠᠬᠤ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ ᠨᠠᠮ ᠤᠨ ᠭᠡᠰᠢᠭᠦᠨ ᠺᠠᠳ᠋ᠷ ᠴᠠᠩ ᠬᠤᠸᠠ ᠾᠧ ᠭᠤᠣᠯ ᠤᠨ ᠵᠠᠮ ᠳᠤ ᠬᠦᠷᠴᠦ ᠬᠤᠭ ᠨᠣᠪᠰᠢ ᠲᠡᠭᠦᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ︾ ᠭᠡᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠤᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠤᠬᠠᠮᠰᠠᠷ ᠠᠴᠠ ᠪᠠᠨ ᠣᠷᠣᠯᠴᠠᠭᠤᠯᠵᠤ ᠂ ᠬᠠᠮᠲᠤ ᠪᠠᠷ ᠡᠭᠦᠳᠴᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
       ᠡᠭᠦᠨ ᠤ ᠬᠠᠮᠲᠤ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠲᠣᠰᠬᠤᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠴᠥᠮ ᠣᠯᠠᠨ ᠵᠦᠢᠯ ᠤᠨ ᠬᠡᠯᠪᠡᠷᠢ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠥᠨᠢ ᠡᠭᠦᠷᠢᠳᠡ ᠨᠠᠮ ᠢᠶᠠᠨ ᠲᠠᠭᠠᠬᠤ ᠢᠲᠡᠭᠡᠯ ᠵᠣᠷᠢᠭ ᠢᠶᠠᠨ ᠪᠠᠲᠤᠳᠬᠠᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠨᠢ ᠨᠡᠮᠡᠭᠳᠡᠭᠦᠯᠵᠦ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠪᠠ ᠬᠠᠯᠠᠭᠤᠨ ᠰᠡᠳᠬᠢᠯᠭᠡ ᠶᠢ ᠨᠢ ᠬᠥᠭᠵᠢᠭᠡᠵᠦ᠂ ︽ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠵᠤ᠂ ᠤᠬᠠᠮᠰᠠᠷ ᠠᠴᠠ ᠪᠠᠨ ᠨᠡᠩ ᠬᠠᠷᠢᠭᠤᠴᠠᠯᠭ᠎ᠠ ᠲᠠᠢ ᠵᠢᠳᠬᠦᠯ ᠴᠢᠷᠮᠠᠶᠢᠯᠭ᠎ᠠ ᠲᠠᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠮᠠᠨ ᠤ ᠰᠢᠶᠠᠨ ᠤ ︽ᠲᠠᠪᠤᠨ ᠵᠢᠱᠢᠶ᠎ᠡ ᠦᠵᠡᠭᠦᠯᠬᠦ ᠰᠢᠶᠠᠨ︾ ᠤ ᠪᠠᠶᠢᠭᠤᠯᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                                      ᠨᠠᠶᠢᠷᠠᠭᠤᠯᠤᠭᠴᠢ᠄  ᠯᠢ ᠬᠤᠩ ᠢᠦᠢ                                                        ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2