︽ᠲᠠᠪᠤᠨ ᠵᠢᠱᠢᠶ᠎ᠡ ᠦᠵᠡᠭᠦᠯᠬᠦ ᠰᠢᠶᠠᠨ ᠤ ᠪᠦᠳᠦᠭᠡᠨ ᠪᠠᠶᠢᠭᠤᠯᠤᠯᠲᠠ︾  ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠬᠤ᠄ ︽ᠨᠣᠭᠤᠭᠠᠨ ᠦᠩᠭᠡ︾ ᠪᠠᠷ ᠰᠠᠭᠤᠷᠢ ᠦᠩᠭᠡ ᠪᠠᠨ ᠪᠣᠯᠭᠠᠵᠤ ᠠᠮᠢ ᠠᠬᠤᠢ ᠶᠢᠨ ᠵᠤᠭᠠᠴᠠᠯ ᠤᠨ ᠰᠢᠨ᠎ᠡ ᠬᠠᠭᠤᠳᠠᠰᠤ ᠶᠢ ᠵᠢᠷᠤᠭᠯᠠᠪᠠ
ᠨᠡᠶᠢᠲᠡᠯᠡᠭᠰᠡᠨ ᠴᠠᠭ᠄
2023/7/2
   ᠤᠢᠢᠷ᠎ᠠ ᠶᠢᠨ ᠵᠢᠯ ᠳᠤ᠂ ᠯᠢᠶᠠᠩᠴᠧᠩ ᠰᠢᠶᠠᠨ ᠤ  ᠲᠠᠭ᠎ᠠ ᠶᠢᠨ ᠨᠠᠭᠤᠷ ᠵᠤᠭᠠᠴᠠᠯ ᠤᠨ ᠣᠷᠣᠨ ︽ᠠᠮᠢ ᠠᠬᠤᠢ ᠪᠠᠷ ᠵᠤᠭᠠᠴᠠᠯ ᠤᠨ ᠶᠠᠰᠤ ᠴᠢᠨᠠᠷ ᠪᠣᠯᠭᠠᠵᠤ᠂ ᠰᠣᠶᠣᠯ ᠢᠶᠠᠷ ᠵᠤᠭᠠᠴᠠᠯ ᠤᠨ ᠭᠤᠣᠯ ᠪᠣᠯᠭᠠᠵᠤ᠂ ᠠᠵᠤ ᠦᠢᠯᠡᠰ ᠢᠶᠠᠷ ᠵᠤᠭᠠᠴᠠᠯ ᠤᠨ ᠲᠤᠯᠭᠠᠭᠤᠷᠢᠯᠠᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠡᠬᠢ ᠪᠠᠶᠠᠯᠢᠭ ᠤᠨ  ᠰᠢᠰᠲ᠋ᠧᠮ ᠤᠨ ᠪᠦᠷᠢᠨ ᠪᠦᠲᠦᠨ ᠴᠢᠨᠠᠷ ᠪᠣᠯᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠᠷ ᠵᠣᠷᠢᠯᠭ᠎ᠠ ᠪᠣᠯᠭᠠᠵᠤ᠂ ᠠᠮᠢ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠣᠷᠴᠢᠨ ᠲᠣᠭᠤᠷᠢᠨ ᠤ ᠲᠥᠯᠥᠪᠵᠢᠭᠦᠯᠭᠡ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠥᠷᠨᠢᠭᠦᠯᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠠᠮᠢ ᠠᠬᠤᠢ ᠶᠢᠨ ᠵᠤᠭᠠᠴᠠᠯ ᠤᠨ ᠰᠢᠨ᠎ᠡ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
       ᠵᠤᠨ ᠤ ᠳᠡᠯᠭᠡᠷ ᠤᠯᠠᠷᠢᠯ ᠳᠤ᠂  ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠳᠤ ᠬᠦᠷᠬᠦ ᠳᠤ᠂ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ᠂ ᠬᠤᠯᠤᠰᠤ ᠨᠣᠭᠤᠭᠠᠷᠠᠵᠤ᠂  ᠲᠠᠭ᠎ᠠ ᠶᠢᠨ ᠨᠠᠭᠤᠷ ᠤᠨ ᠨᠢᠭᠤᠷ ᠳᠣᠯᠭᠢᠶᠠᠯᠠᠨ ᠳᠣᠯᠭᠢᠶᠠᠯᠠᠵᠤ᠂ ᠬᠦᠬᠡ ᠲᠩᠷᠢ ᠴᠠᠭᠠᠨ ᠡᠭᠦᠯᠡ ᠲᠠᠢ ᠦᠵᠡᠰᠬᠦᠯᠡᠩᠲᠦ ᠰᠠᠶᠢᠬᠠᠨ ᠠᠭᠤᠯᠠ ᠤᠰᠤᠨ ᠤ ᠵᠢᠷᠤᠭ ᠤᠨ ᠡᠪᠬᠡᠮᠡᠯ ᠵᠢᠷᠤᠭ ᠢ ᠪᠦᠷᠢᠯᠳᠦᠭᠦᠯᠵᠦ᠂ ᠬᠥᠮᠦᠰ ᠤᠨ ᠰᠡᠳᠬᠢᠯ ᠰᠠᠨᠠᠭ᠎ᠠ ᠶᠢ ᠠᠭᠤᠵᠢᠷᠠᠭᠤᠯᠤᠨ᠎ᠠ᠃ ᠵᠤᠭᠠᠴᠠᠭᠰᠠᠳ ᠲᠣᠭᠤᠷᠢᠨ ᠦᠵᠡᠬᠦ ᠳᠤᠭᠤᠢ ᠲᠡᠷᠭᠡ ᠤᠨᠤᠵᠤ᠂ ᠵᠠᠮ ᠳᠠᠭᠠᠤ ᠶᠢᠨ ᠦᠵᠡᠮᠵᠢ ᠶᠢ ᠰᠣᠨᠢᠷᠬᠠᠵᠤ᠂ ᠰᠦᠯᠵᠢᠶᠡᠨ ᠤ ᠤᠯᠠᠭᠠᠨ ᠺᠠᠷᠲ ᠴᠣᠬᠢᠬᠤ ᠭᠠᠵᠠᠷ ᠲᠤ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠲᠠᠬᠢᠨ ᠵᠤᠭᠠᠴᠠᠯ ᠤᠨ ᠣᠩᠭᠤᠴᠠᠨ ᠳᠤ ᠰᠠᠭᠤᠵᠤ᠂ ᠣᠬᠤᠷᠬᠠᠨ ᠬᠤᠭᠤᠴᠠᠭᠠᠨ ᠤ ᠠᠮᠠᠷᠠᠯᠲᠠ ᠶᠢᠨ ᠴᠠᠭ ᠢ ᠡᠳ᠋ᠯᠡᠵᠦ᠂ ᠲᠠᠯᠠᠢ ᠶᠢᠨ ᠰᠠᠯᠬᠢ ᠬᠠᠴᠠᠷ ᠢ ᠢᠯᠪᠢᠵᠦ᠂ ᠰᠢᠪᠠᠭᠤᠳ ᠬᠠᠯᠢᠨ ᠥᠩᠭᠡᠷᠡᠵᠦ᠂ ᠦᠩᠭᠡ ᠦᠵᠡᠮᠵᠢ ᠪᠦᠷᠢᠳᠦᠭᠰᠡᠨ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠵᠤᠭᠠᠴᠠᠭᠰᠠᠳ ᠢ ᠰᠠᠨᠠᠭᠠᠯᠵᠠᠭᠤᠯᠵᠤ ᠪᠠᠶᠢᠯ᠎ᠠ᠃
        ᠬᠥᠬᠡᠬᠤᠲᠠ ᠶᠢᠨ ᠵᠤᠭᠠᠴᠠᠭᠴᠢ ᠰᠦᠩ ᠫᠧᠩ ᠹᠸᠢ᠄ ᠪᠢ ᠬᠥᠬᠡᠬᠤᠲᠠ ᠠᠴᠠ ᠯᠢᠶᠠᠩᠴᠧᠩ ᠬᠤᠲᠠ ᠳᠤ ᠬᠠᠷᠢᠵᠤ ᠢᠷᠡᠬᠦ ᠳᠤ ᠭᠠᠷᠠᠭ ᠤᠨ ᠡᠳᠦᠷ ᠭᠡᠷ ᠤᠨ ᠬᠥᠮᠦᠰ ᠢᠶᠠᠨ ᠳᠠᠭᠠᠭᠤᠯᠵᠤ ᠨᠠᠭᠠᠳᠬᠤ ᠪᠠᠷ ᠢᠷᠡᠬᠦ ᠲᠠᠢ ᠲᠠᠭᠠᠷᠠᠯᠳᠤᠪᠠ᠂ ᠠᠳᠡᠬᠢ ᠦᠵᠡᠮᠵᠢ ᠭᠤᠶᠤ ᠰᠠᠶᠢᠬᠠᠨ᠂ ᠬᠥᠯᠭᠡ ᠣᠩᠭᠤᠴᠠ᠂ ᠮᠣᠲ᠋ᠣᠷᠲᠤ ᠣᠩᠭᠤᠴᠠᠨ ᠳᠤ ᠰᠠᠭᠤᠵᠤ᠂ ᠵᠤᠭᠠᠴᠠᠨ ᠨᠠᠭᠠᠳᠬᠤ ᠨᠢ ᠲᠤᠩ ᠰᠠᠶᠢᠬᠠᠨ ᠰᠠᠨᠠᠭᠳᠠᠨ᠎ᠠ᠃
         ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠨᠢ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠤ  ᠲᠠᠭ᠎ᠠ ᠶᠢᠨ ᠨᠠᠭᠤᠷ ᠪᠠᠯᠭᠠᠰᠤᠨ ᠳᠤ ᠪᠠᠶᠢᠷᠢᠯᠠᠵᠤ᠂ ᠤᠯᠤᠰ ᠤᠨ 4A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠠᠶᠢᠵᠤ᠂ ᠵᠠᠮ ᠬᠠᠷᠢᠯᠴᠠᠭᠠᠨ ᠤ ᠨᠥᠬᠦᠴᠡᠯ ᠳᠦᠭᠦᠮ᠂ ᠬᠥᠬᠡᠬᠤᠲᠠ ᠠᠴᠠ 100 ᠺᠢᠯᠤᠮᠧᠳ᠋ᠷ ᠵᠠᠶᠢᠲᠠᠢ᠂ ᠨᠡᠶᠢᠰᠯᠡᠯ ᠪᠡᠭᠡᠵᠢᠩ ᠠᠴᠠ 400 ᠭᠠᠷᠤᠢ ᠺᠢᠯᠤᠮᠧᠳ᠋ᠷ ᠵᠠᠶᠢᠲᠠᠢ᠃ ᠦᠵᠡᠮᠵᠢ ᠶᠢᠨ ᠣᠷᠣᠨ ᠤ ᠳᠣᠲᠣᠷᠠᠬᠢ ᠧᠦ᠋ᠷᠣᠫᠠ ᠮᠠᠶ᠋ᠢᠭ ᠤᠨ ᠬᠤᠲᠠ ᠴᠠᠶᠢᠵᠠ ᠶᠢᠨ ᠪᠠᠭᠤᠳᠠᠯ᠂ ᠳᠠᠭᠠ ᠶᠢᠨ ᠨᠠᠭᠤᠷ ᠤᠨ ᠠᠷᠠᠳ ᠤᠨ ᠰᠠᠭᠤᠴᠠ ᠶᠢᠨ ᠵᠢᠵᠢᠭ ᠬᠦᠷᠢᠶ᠎ᠡ᠂ ᠪᠠᠰᠠ ᠮᠣᠳᠣᠨ ᠬᠥᠭᠦᠷᠭᠡᠨ ᠵᠠᠮ᠂ ᠰᠢᠪᠠᠭᠤ ᠰᠣᠨᠢᠷᠬᠠᠬᠤ ᠲᠠᠪᠴᠠᠩ᠂ ᠵᠤᠭᠠᠴᠠᠯ ᠤᠨ ᠣᠩᠭᠤᠴᠠ᠂ ᠬᠤᠷᠳᠤᠨ ᠣᠩᠭᠤᠴᠠ᠂ ᠮᠣᠲ᠋ᠣᠷᠲᠤ ᠣᠩᠭᠤᠴᠠ᠂ ᠮᠢᠩᠭᠠᠨ ᠮᠥ ᠴᠡᠴᠡᠭ ᠤᠨ ᠲᠡᠯᠡᠶ ᠵᠡᠷᠭᠡ ᠲᠥᠬᠦᠭᠡᠷᠦᠮᠵᠢ ᠨᠢ ᠲᠦᠢᠯ ᠤᠨ ᠣᠨᠴᠠᠯᠢᠭ ᠲᠠᠢ ᠪᠠᠶᠢᠳᠠᠭ᠃ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠳᠤ 300 ᠭᠠᠷᠤᠶ ᠬᠥᠮᠦᠨ ᠬᠤᠨᠣᠭᠯᠠᠵᠤ ᠪᠣᠯᠤᠨ᠎ᠠ᠂ ᠬᠤᠭᠤᠯᠠᠨ ᠭᠡᠷ ᠲᠤ 500 ᠭᠠᠷᠤᠶ ᠬᠥᠮᠦᠨ ᠬᠠᠮᠲᠤ ᠬᠤᠭᠤᠯᠠᠯᠠᠵᠤ ᠪᠣᠯᠤᠨ᠎ᠠ᠃ ᠡᠭᠦᠨ ᠤ ᠬᠠᠮᠲᠤ᠂  ᠲᠠᠭ᠎ᠠ ᠶᠢᠨ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠠᠰᠠ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠠᠯᠪᠠᠨ ᠴᠡᠷᠢᠭ᠂ ᠴᠡᠷᠢᠭ ᠠᠴᠠ ᠬᠠᠯᠠᠭᠳᠠᠭᠰᠠᠳ᠂ ᠴᠠᠭᠳᠠᠭ᠎ᠠ᠂ ᠪᠠᠭᠰᠢ᠂ ᠰᠤᠷᠪᠤᠯᠵᠢᠯᠠᠭᠴᠢ᠂ ᠴᠢᠰᠤ ᠦᠶ᠋ᠯᠡᠳᠬᠦ ᠭᠤᠤᠯ ᠡᠰ ᠤᠨ ᠬᠠᠨᠳᠢᠪᠯᠠᠭᠴᠢᠳ ᠵᠡᠷᠭᠡ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠬᠥᠮᠦᠰ ᠲᠤ ᠡᠭᠦᠳᠡᠨ ᠪᠢᠯᠧᠲ ᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ  ᠃
         ᠲᠠᠭ᠎ᠠ ᠶᠢᠨ ᠨᠠᠭᠤᠷ ᠨᠢ ᠤᠮᠠᠷᠠᠲᠤ ᠶᠢᠨ ᠥᠨᠳᠦᠷᠯᠢᠭ ᠤᠨ ᠠᠮᠢ ᠠᠬᠤᠶ ᠶᠢᠨ ᠭᠠᠵᠠᠷ ᠣᠷᠣᠨ ᠤ ᠬᠠᠮᠤᠭ ᠤᠨ ᠪᠦᠷᠢᠨ ᠪᠦᠲᠦᠨ ᠲᠣᠮᠣ ᠬᠡᠯᠪᠡᠷᠢ ᠶᠢᠨ ᠴᠢᠭᠢᠭᠯᠢᠭ ᠭᠠᠵᠠᠷ ᠤᠨ ᠬᠡᠯᠪᠡᠷᠢ ᠶᠢᠨ ᠨᠠᠭᠤᠷ ᠪᠣᠯᠤᠭᠰᠠᠨ ᠤ ᠬᠤᠪᠢ ᠳᠤ᠂ ᠥᠪᠡᠷᠮᠢᠴᠡ ᠠᠮᠢ ᠠᠬᠤᠶ ᠶᠢᠨ ᠦᠨ᠎ᠡ ᠥᠷᠲᠡᠭ ᠲᠠᠢ ᠶᠤᠮ᠃ ᠯᠢᠶᠠᠩᠴᠧᠩ ᠰᠢᠶᠠᠨ ᠤ ᠬᠢᠨ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠠᠭᠠ ᠶᠢᠨ ᠨᠠᠭᠤᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠦᠵᠡᠮᠵᠢ ᠶᠢᠨ ᠣᠷᠣᠨ ᠨᠢ ︽ᠨᠠᠭᠤᠷ ᠳᠠᠭᠠᠤ ᠴᠢᠭᠢᠭᠯᠢᠭ ᠭᠠᠵᠠᠷ︾ ᠪᠠ ︽  ᠲᠠᠭ᠎ᠠ  ᠶᠢᠨ ᠨᠠᠭᠤᠷ ᠤᠨ ᠰᠥᠨᠢ ᠶᠢᠨ ᠵᠢᠭᠤᠯᠴᠢᠯᠠᠯ︾ ᠤᠨ ᠴᠣᠷ ᠤᠨ ᠭᠠᠭᠴᠠ ᠴᠢᠨᠠᠷ ᠪᠠ ᠥᠪᠡᠷᠮᠢᠴᠡ ᠴᠢᠨᠠᠷ ᠢ ᠳᠣᠪᠤᠶᠢᠯᠭᠠᠬᠤ ᠪᠠᠷ ᠳᠡᠮᠵᠢᠨ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠬᠦᠨ ᠢ ᠪᠤᠶ ᠪᠣᠯᠭᠠᠵᠤ᠂ ᠲᠣᠭᠤᠷᠢᠨ ᠵᠤᠭᠠᠴᠠᠬᠤ᠂ ᠲᠥᠷᠥᠭᠰᠡᠨ ᠬᠡᠦᠬᠡᠳ ᠤᠨ ᠰᠤᠳᠤᠯᠤᠨ ᠰᠤᠷᠤᠯᠴᠠᠬᠤ᠂ ᠰᠡᠯᠡᠭᠦᠴᠡᠨ ᠠᠮᠠᠷᠠᠬᠤ᠂ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠢᠶᠠᠷ ᠭᠤᠣᠯ ᠴᠢᠳᠠᠮᠵᠢ ᠪᠠᠨ ᠪᠣᠯᠭᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠰᠣᠶᠣᠯ ᠪᠡᠶ᠎ᠡ ᠶᠢᠨ ᠲᠠᠮᠢᠷ ᠤᠨ ᠲᠥᠷᠥᠯ ᠵᠦᠶ᠋ᠯ ᠵᠢᠴᠢ ᠲᠠᠩ ᠭᠠᠭᠴᠠ ᠵᠣᠨ ᠤ ᠤᠯᠠᠷᠢᠯ ᠤᠨ ᠵᠢᠭᠤᠯᠴᠢᠯᠠᠯ ᠠᠴᠠ ᠪᠥᠬᠦ ᠤᠯᠠᠷᠢᠯ ᠤᠨ ᠵᠢᠭᠤᠯᠴᠢᠯᠠᠯ ᠳᠠᠰᠢ ᠬᠤᠪᠢᠷᠠᠭᠤᠯᠬᠤ᠂ ᠡᠳᠦᠷ ᠤᠨ ᠵᠢᠭᠤᠯᠴᠢᠯᠠᠯ ᠠᠴᠠ ᠪᠥᠬᠦ ᠡᠳᠦᠷ ᠤᠨ ᠵᠢᠭᠤᠯᠴᠢᠯᠠᠯ ᠳᠠᠰᠢ ᠬᠤᠪᠢᠷᠠᠭᠤᠯᠬᠤ᠂ ᠣᠷᠣᠨ ᠪᠦᠰᠡ ᠶᠢᠨ ᠵᠢᠭᠤᠯᠴᠢᠯᠠᠯ ᠠᠴᠠ ᠪᠥᠬᠦ ᠣᠷᠣᠨ ᠪᠦᠰᠡ ᠶᠢᠨ ᠵᠢᠭᠤᠯᠴᠢᠯᠠᠯ ᠳᠠᠰᠢ ᠬᠤᠪᠢᠷᠠᠭᠤᠯᠬᠤ ᠬᠤᠪᠢᠷᠠᠯᠲᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠪᠥᠬᠦ ᠰᠢᠶᠠᠨ ᠤ ᠠᠮᠢ ᠠᠬᠤᠶ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠶ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠨ᠎ᠠ᠃                             ᠨᠠᠶᠢᠷᠠᠭᠤᠯᠤᠭᠴᠢ᠄  ᠯᠢ ᠬᠤᠩ ᠢᠦᠢ                               ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2