ᠮᠠᠨ ᠤ ᠰᠢᠶᠠᠨ ︽ᠲᠠᠭ᠎ᠠ ᠶᠢᠨ ᠨᠠᠭᠤᠷ ᠤᠨ ᠵᠤᠨ︾ ᠤ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠵᠢᠴᠢ ᠲᠦᠷᠦᠯ ᠵᠦᠢᠯ ᠳᠤ ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2023/7/20
   7 ᠰᠠᠷ᠎ᠠ ᠶᠢᠨ 19 ᠤ ᠡᠳᠦᠷ᠂ ᠮᠠᠨ ᠤ ᠰᠢᠶᠠᠨ ᠨᠠᠩ ᠣᠯᠠᠨ ᠠᠵᠤ ᠠᠬᠤᠶᠢᠯᠠᠯ ᠪᠠ ᠪᠠᠯᠠ ᠣᠷᠣᠭᠤᠯᠤᠭᠴᠢᠳ ᠢ ᠯᠢᠶᠠᠩᠴᠧᠩ ᠰᠢᠶᠠᠨ ᠳᠤ ᠲᠡᠳᠡᠨ ᠠᠪᠴᠢᠷᠠᠵᠤ ᠪᠠᠯᠠ ᠣᠷᠣᠭᠤᠯᠤᠨ  ᠤᠶᠢᠯᠡᠰ ᠬᠥᠭᠵᠢᠭᠦᠯᠵᠦ᠂ ᠯᠢᠶᠠᠩᠴᠧᠩ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠥᠯᠥᠭᠡ ︽ ᠲᠠᠭ᠎ᠠ ᠶᠢᠨ ᠨᠠᠭᠤᠷ ᠤᠨ ᠵᠤᠨ︾ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠲᠠᠨᠢᠯᠴᠠᠭᠤᠯᠬᠤ ᠬᠤᠷᠠᠯ ᠵᠢᠴᠢ ᠲᠥᠷᠥᠯ  ᠵᠤᠶᠢᠯ ᠳᠤ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠡᠨᠡ ᠨᠢ ᠨᠠᠩ ᠣᠯᠠᠨ ᠠᠵᠤ ᠠᠬᠤᠶᠢᠯᠠᠯ ᠪᠠ ᠪᠠᠯᠠ ᠣᠷᠣᠭᠤᠯᠤᠭᠴᠢᠳ ᠢ ᠯᠢᠶᠠᠩᠴᠧᠩ ᠰᠢᠶᠠᠨ ᠳᠤ ᠪᠠᠯᠠ ᠣᠷᠣᠭᠤᠯᠤᠨ ᠦᠶ᠋ᠯᠡᠰ ᠬᠥᠭᠵᠢᠭᠦᠯᠵᠦ᠂ ᠯᠢᠶᠠᠩᠴᠧᠩ ᠰᠢᠶᠠᠨ ᠤ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ ᠰᠢᠶᠠᠨ ᠤ ᠤᠳᠤᠷᠢᠳᠤᠯᠭ᠎ᠠ ᠯᠢᠦ ᠶᠢᠨ ᠲᠤᠤ᠂ ᠵᠧᠩ ᠳ᠋ᠦᠩ ᠫᠢᠩ᠂ ᠵᠤᠤ ᠵᠢᠶᠠᠨ ᠵᠢᠶᠦ᠋ᠨ᠂ ᠵᠤᠤ ᠷᠦᠢ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠭᠡᠷ ᠲᠡᠭᠡᠨ ᠠᠵᠢᠯᠯᠠᠭ᠎ᠠ ᠳᠤ ᠣᠷᠣᠯᠴᠠᠪᠠ᠃
      ︽ ᠲᠠᠭ᠎ᠠ ᠶᠢᠨ ᠨᠠᠭᠤᠷ ᠤᠨ ᠵᠤᠨ︾ ᠤ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠵᠢᠴᠢ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠤᠯᠠᠭᠠᠨᠮᠥ᠋ᠴᠢᠷ ᠤᠨ ᠳᠤᠯᠠᠭᠠᠨ ᠲᠠᠯᠠᠪᠠᠢ ᠶᠢᠨ ᠪᠥᠵᠢᠭ ︽ᠢᠷᠥᠭᠡᠯ︾ ᠳᠤᠮᠳᠠ ᠡᠬᠢᠯᠡᠵᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠠᠯᠠᠭᠤᠨ ᠢᠶᠠᠷ ᠤᠭᠲᠤᠬᠤ ᠦᠭᠡ ᠬᠡᠯᠡᠵᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠤᠨ ᠪᠠᠯᠠ ᠣᠷᠣᠭᠤᠯᠤᠭᠴᠢᠳ ᠲᠤ ᠯᠢᠶᠠᠩᠴᠧᠩ ᠰᠢᠶᠠᠨ ᠤ ᠬᠥᠭᠵᠢᠯᠲᠡ ᠶᠢᠨ ᠪᠠᠶᠢᠳᠠᠯ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠲᠠᠨᠢᠯᠴᠠᠭᠤᠯᠵᠤ᠂ ᠯᠢᠶᠠᠩᠴᠧᠩ ᠰᠢᠶᠠᠨ ᠤ ᠥᠪᠡᠷᠮᠢᠴᠡ ᠷᠢᠳᠢ ᠰᠢᠳᠢ ᠶᠢ ᠦᠵᠡᠭᠦᠯᠪᠡ᠃    ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠵᠧᠩ ᠳ᠋ᠦᠩ ᠫᠢᠩ ᠱᠠᠨᠰᠢ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠵᠠᠩ ᠽᠢ ᠶᠠᠩ ᠪᠣᠯᠤᠨ ᠪᠦᠳᠦᠭᠡᠨ ᠪᠠᠶᠢᠭᠤᠯᠤᠯᠲᠠ ᠶᠢᠨ ᠶᠠᠮᠤᠨ ᠤ ᠶᠡᠷᠦᠩᠬᠡᠶᠢᠯᠡᠭᠰᠡᠨ ᠬᠠᠶᠢᠨ ᠪᠠᠶᠢᠴᠠᠭᠠᠯᠲᠠ ᠰᠤᠳᠤᠯᠭᠠᠨ ᠤ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠳᠠᠷᠤᠭ᠎ᠠ ᠼᠦᠢ ᠵᠢᠶᠦ᠋ᠨ ᠺᠦᠢ ᠳᠤ ᠨᠢᠭᠡᠨ ᠣᠨᠴᠠᠭᠠᠢ ᠢᠷᠠᠭᠤ ᠠᠯᠳᠠᠷ — ︽ᠠᠷᠠᠯᠵᠢᠶᠠᠴᠢᠨ ᠤᠷᠢᠬᠤ ᠡᠯᠴᠢᠨ ᠰᠠᠶᠢᠳ︾ ᠤᠨ ᠤᠷᠢᠯᠭ᠎ᠠ ᠶᠢᠨ ᠪᠢᠴᠢᠭ ᠭᠠᠷᠳᠠᠭᠤᠯᠵᠠᠢ᠃ ᠡᠨᠡ ᠪᠣᠯ ᠲᠡᠳᠡᠨ ᠤ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠮᠳᠠ ᠦᠵᠡᠭᠦᠯᠦᠭᠰᠡᠨ ᠭᠠᠷᠮᠠᠭᠠᠶ ᠬᠤᠪᠢ ᠨᠡᠮᠡᠷᠢ ᠪᠠ ᠭᠠᠷᠮᠠᠭᠠᠶ ᠢᠯᠡᠷᠡᠯ ᠢ ᠳᠡᠭᠡᠳᠦ ᠬᠡᠮᠵᠢᠶ᠎ᠡ ᠪᠠᠷ ᠮᠡᠳᠡᠷᠡᠨ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃    ᠳᠠᠷᠠᠭ᠎ᠠ ᠨᠢ᠂ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠵᠤᠭᠠᠴᠠᠯ᠂ ᠬᠥᠳᠡᠭᠡ ᠠᠵᠤ ᠠᠬᠤᠢ᠂ ᠰᠣᠶᠣᠯ ᠤᠨ ᠪᠦᠲᠦᠭᠡᠯᠴᠢ ᠰᠡᠳᠬᠢᠮᠵᠢ᠂ ᠡᠨᠧᠷᠭᠢ ᠵᠡᠷᠭᠡ ᠤᠯᠠᠨ ᠬᠦᠷᠢᠶᠡᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠨᠠᠷᠢᠨ ᠨᠢᠭᠲᠠ ᠲᠠᠨᠢᠯᠴᠠᠭᠤᠯᠵᠠᠢ᠃ ᠡᠳᠡᠭᠡᠷ ᠵᠦᠢᠯᠡᠰ ᠨᠢ ᠮᠠᠰᠢ ᠰᠠᠶᠢᠨ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠪᠠ ᠬᠥᠭᠵᠢᠯᠲᠡ ᠶᠢᠨ ᠲᠠᠯᠳᠠ ᠬᠦᠴᠦᠨ ᠲᠠᠢ ᠪᠠᠶᠢᠵᠤ᠂ ᠮᠠᠰᠢ ᠤᠯᠠᠨ ᠠᠵᠤ ᠠᠬᠤᠶᠢᠯᠠᠯ ᠤᠨ ᠠᠩᠬᠠᠷᠤᠯ ᠢ ᠲᠠᠲᠠᠭᠰᠠᠨ ᠪᠠᠶᠢᠨ᠎ᠠ᠃    ᠲᠥᠷᠥᠯ ᠵᠦᠢᠯ ᠢ ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠮᠠᠨ ᠤ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠲᠤᠰ ᠥᠪᠥᠷ ᠮᠣᠩᠭᠤᠯ ᠤᠨ  ᠲᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠠᠬᠢ 26.36 MW ᠶᠢᠨ ︽ᠪᠦᠬᠦᠨ ᠢ ᠥᠪᠡᠷᠲᠡᠭᠡᠨ ᠬᠡᠷᠡᠭᠯᠡᠵᠦ ᠥᠪᠡᠷᠲᠡᠭᠡᠨ ᠬᠡᠷᠡᠭᠯᠡᠬᠦ︾ ᠮᠠᠶ᠋ᠢᠭ ᠤᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠲᠠᠢ ᠬᠠᠮᠲᠤ᠂ ᠨᠢᠮᠪᠡᠭᠡ ᠶᠢᠨ ᠰᠢᠷᠬᠡᠭ ᠨᠤᠬᠤᠬᠤ ᠮᠥᠬᠦᠯᠢᠭ ᠢ ᠦᠢᠯᠡᠳᠪᠦᠷᠢᠯᠡᠵᠦ ᠪᠣᠯᠪᠠᠰᠤᠷᠠᠭᠤᠯᠬᠤ ᠲᠥᠷᠥᠯ ᠵᠦᠢᠯ᠂  ᠲᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤ ᠲᠣᠰᠬᠤᠨ ᠤ ᠲᠦᠮᠡᠨ ᠲᠣᠨ ᠨᠠᠷᠢᠮᠤ ᠶᠢᠨ ᠠᠮᠤ ᠪᠣᠯᠪᠠᠰᠤᠷᠠᠭᠤᠯᠬᠤ ᠲᠥᠷᠥᠯ ᠵᠦᠢᠯ᠂ ᠶᠦᠩ ᠰᠢᠩ ᠪᠠᠯᠭᠠᠰᠤᠨ ᠤ ᠡᠷᠳᠡᠨᠢ ᠰᠢᠰᠢ ᠶᠢᠨ ᠦᠢᠯᠡᠳᠪᠦᠷᠢ ᠶᠢᠨ ᠲᠥᠷᠥᠯ ᠵᠦᠢᠯ᠂ ᠬᠤᠭᠤᠰᠣᠨ ᠳᠤ ᠪᠡᠯᠡᠨ ᠢᠳᠡᠬᠦ ᠵᠢᠮᠢᠰ ᠤᠨ ᠡᠷᠳᠡᠨᠢ ᠰᠢᠰᠢ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠲᠢᠶᠠᠨ ᠴᠧᠩ ᠰᠢᠶᠠᠩ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ᠂ ᠯᠢᠶᠠᠩᠴᠧᠩ ᠰᠢᠶᠠᠨ ᠤ ᠨᠢᠦ ᠪᠤᠨ ᠸᠠᠩ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠰᠢᠤᠸᠠᠢ ᠯᠦᠩ ᠠᠭᠤᠯᠠᠨ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 8 ᠲᠥᠷᠥᠯ ᠵᠦᠢᠯ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠲᠥᠪᠯᠡᠷᠡᠭᠦᠯᠦᠨ ᠭᠡᠷ᠎ᠡ ᠲᠣᠭᠲᠠᠪᠠ᠃ ᠬᠤᠶᠠᠷ ᠲᠠᠯ᠎ᠠ ᠶᠢᠨ ᠬᠠᠮᠲᠤᠷᠠᠨ ᠠᠵᠢᠯᠯᠠᠬᠤ ᠰᠠᠨᠠᠮᠵᠢ ᠪᠠ ᠪᠣᠳᠠᠲᠠᠶ ᠬᠠᠮᠲᠤᠷᠠᠨ ᠠᠵᠢᠯᠯᠠᠬᠤ ᠵᠦᠢᠯ ᠵᠤᠷᠪᠤᠰ ᠢ ᠲᠣᠭᠲᠠᠭᠠᠨ᠎ᠠ᠃ ᠲᠦᠷᠦᠯ ᠵᠦᠢᠯ ᠢ ᠲᠣᠭᠲᠠᠭᠠᠬᠤ ᠨᠢ ᠯᠢᠶᠠᠩᠴᠧᠩ ᠰᠢᠶᠠᠨ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠠᠪᠴᠢᠷᠠᠵᠤ᠂ ᠠᠵᠤ ᠦᠢᠯᠡᠰ ᠤᠨ ᠲᠡᠰ ᠳᠡᠪᠰᠢᠬᠦ ᠪᠠ ᠠᠵᠢᠯ ᠣᠯᠭᠤᠯᠲᠠ ᠶᠢᠨ ᠨᠡᠮᠡᠭᠳᠡᠯ ᠢ ᠠᠬᠢᠭᠤᠯᠵᠤ᠂ ᠯᠢᠶᠠᠩᠴᠧᠩ ᠰᠢᠶᠠᠨ ᠤ ᠢᠷᠡᠭᠡᠳᠦᠢ ᠶᠢᠨ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠤᠨ᠎ᠠ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2