ᠯᠢᠶᠠᠩᠴᠧᠩ ᠰᠢᠶᠠᠨ ᠤ ︽ᠲᠠᠭ᠎ᠠ ᠶᠢᠨ ᠨᠠᠭᠤᠷ ᠤᠨ ᠵᠤᠨ︾ ᠵᠢᠴᠢ ︽ᠬᠠᠲᠤᠨ ᠭᠤᠤᠯ ᠤᠨ ᠬᠡᠳᠦᠨ ᠥᠰᠥᠭ ᠤᠨ ᠮᠤᠷᠦ᠋ᠢᠯᠲᠠ︾ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠨᠠᠶᠢᠷ ᠲᠡᠭᠦᠰᠪᠡ
ᠨᠡᠶᠢᠲᠡᠯᠡᠭᠰᠡᠨ ᠴᠠᠭ᠄
2023/7/24
   7 ᠰᠠᠷ᠎ᠠ ᠶᠢᠨ 23᠎ ᠤ ᠡᠳᠦᠷ ᠤᠨ ᠣᠷᠣᠶ᠂ ᠯᠢᠶᠠᠩᠴᠧᠩ ᠰᠢᠶᠠᠨ ᠤ ︽ᠲᠠᠭ᠎ᠠ ᠶᠢᠨ ᠨᠠᠭᠤᠷ ᠤᠨ ᠵᠤᠨ︾ ᠵᠢᠴᠢ ︽ᠬᠠᠲᠤᠨ ᠭᠤᠤᠯ ᠤᠨ ᠬᠡᠳᠦᠨ ᠥᠰᠥᠭ ᠤᠨ ᠮᠤᠷᠦ᠋ᠢᠯᠲᠠ︾ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠨᠠᠶᠢᠷ ᠤᠨ ᠤᠯᠠᠭᠠᠨᠮᠥ᠋ᠴᠢᠷ ᠤᠨ ᠲᠤᠰᠬᠠᠶ ᠲᠠᠯᠠᠪᠠᠶ ᠶᠢᠨ ᠤᠷᠠᠨ ᠰᠠᠶᠢᠬᠠᠨ ᠤ ᠲᠣᠭᠯᠠᠯᠲᠠ ᠳ᠋ᠠᠶᠢᠬ᠎ᠠ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠂ ᠡᠨᠡ ᠨᠢ 7 ᠡᠳᠦᠷ ᠤᠨ ᠬᠤᠭᠤᠴᠠᠭ᠎ᠠ ᠲᠠᠢ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠨᠠᠶᠢᠷ ᠤᠨ ᠲᠡᠭᠦᠰ ᠠᠮᠵᠢᠯᠲᠠ ᠲᠠᠢ ᠥᠨᠳᠥᠷᠯᠡᠭᠰᠡᠨ ᠢ ᠬᠠᠷᠠᠭᠤᠯᠵᠤ ᠪᠠᠶᠢᠨ᠎ᠠ ᠃ ᠡᠨᠡ ᠬᠤᠭᠤᠴᠠᠭᠠᠨ ᠳᠤ ᠵᠤᠭᠠᠴᠠᠭᠰᠠᠳ ᠲᠣᠭᠯᠠᠯᠲᠠ ᠶᠢ ᠰᠣᠨᠢᠷᠬᠠᠵᠤ᠂ ᠠᠮᠲᠠᠲᠤ ᠢᠳᠡᠭᠡᠨ ᠢᠳᠡᠵᠦ᠂ ᠠᠭᠤᠯᠠ  ᠤᠰᠤᠨ  ᠯᠢᠶᠠᠩᠴᠧᠩ ᠰᠢᠶᠠᠨ ᠤ  ᠥᠪᠡᠷᠮᠢᠴᠡ ᠷᠢᠳᠢ ᠰᠢᠳᠢ ᠶᠢ ᠮᠡᠳᠡᠷᠡᠪᠡ᠃
         ᠲᠡᠭᠦᠰᠬᠦ ᠶᠣᠰᠣᠯᠠᠯ ᠨᠢ ︽ᠯᠢᠶᠠᠩᠴᠧᠩ  ᠰᠢᠶᠠᠨ  ᠲᠠᠨ ᠢ ᠬᠦᠯᠢᠶᠡᠵᠦ ᠪᠠᠶᠢᠶ᠎ᠠ︾ ᠭᠡᠬᠦ ᠪᠥᠵᠢᠭ ᠲᠤ ᠬᠥᠰᠢᠭᠡ ᠪᠠᠨ ᠰᠡᠬᠦᠪᠡ᠃ ᠬᠤᠶᠠᠭᠤᠯᠠ ᠶᠢᠨ ︽ᠨᠠᠩᠭᠤᠸᠠ ᠶᠢᠨ ᠬᠠᠶᠢᠷ᠎ᠠ︾᠎ ᠨᠢ ᠳᠥᠭᠦᠮ᠂ ᠰᠣᠨᠢᠷᠬᠠᠯᠲᠠᠶ ᠱᠤᠭ ᠵᠦᠴᠦᠭᠡ ᠶᠢᠨ ᠬᠡᠯᠪᠡᠷᠢ ᠪᠠᠷ ᠳᠡᠮᠵᠢᠨ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠵᠣᠬᠢᠴᠠᠭᠤᠯᠵᠤ᠂ ᠦᠵᠡᠭᠴᠢᠳ ᠤᠨ ᠰᠡᠳᠬᠢᠯ ᠢ ᠨᠥᠯᠥᠭᠡᠯᠡᠭᠰᠡᠨ ᠢᠶᠠᠷ ᠪᠠᠷᠠᠬᠤ ᠥᠬᠡᠶ᠂ ᠪᠠᠰᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠢᠯᠡᠷᠡᠭᠦᠯᠵᠦ᠂ ︽ᠬᠠᠮᠤᠭ ᠤᠨ ᠰᠠᠶᠢᠬᠠᠨ ᠳᠠᠭᠤᠤ ᠶᠢ ᠡᠵᠢ ᠳᠡᠭᠡᠨ ᠡᠷᠭᠦᠶ᠎ᠡ︾ ᠭᠡᠬᠦ ᠭᠤᠴᠣᠯᠠᠯ ᠳᠠᠭᠤᠤ ᠨᠢ ᠨᠠᠩ ᠴᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤᠨᠢ ᠬᠦᠷᠭᠡᠵᠦ᠂ ᠲᠤᠬᠠᠶ ᠶᠢᠨ ᠲᠠᠯᠠᠪᠤᠷ ᠤᠨ ᠤᠷᠠᠶᠢᠯᠠᠬᠤ ᠲᠠᠭᠤᠨ᠂ ᠮᠠᠭᠲᠠᠨ ᠳᠠᠭᠤᠯᠠᠬᠤ ᠲᠠᠭᠤᠨ ᠪᠠ ᠠᠯᠠᠭ᠎ᠠ ᠲᠠᠰᠢᠬᠤ ᠲᠠᠭᠤᠨ ᠢ ᠬᠤᠯᠪᠣᠨ᠂ ᠡᠷᠡᠭᠦᠯ ᠥᠭᠡᠳᠡᠷᠬᠡᠭ᠂ ᠪᠦᠯᠬᠦᠮᠳᠡᠨ ᠲᠡᠮᠡᠴᠡᠬᠦ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
  ᠯᠢᠶᠠᠩᠴᠧᠩ ᠰᠢᠶᠠᠨ ᠤ ᠰᠣᠶᠣᠯ ᠪᠠ ᠵᠤᠭᠠᠴᠠᠯ ᠤᠨ ᠲᠣᠪᠴᠢᠶᠠᠨ ᠤ ᠳᠠᠷᠤᠭ᠎ᠠ ᠵᠠᠩ ᠰᠢᠶᠤᠤ ᠹᠸᠢ᠄  ︽ᠨᠢᠭᠡ ᠭᠠᠷᠠᠭ ᠤᠨ ᠬᠤᠭᠤᠴᠠᠭ᠎ᠠ ᠲᠠᠢ ︿ ᠲᠠᠭ᠎ᠠ ᠶᠢᠨ ᠨᠠᠭᠤᠷ ᠤᠨ ᠵᠤᠨ﹀ ᠵᠢᠴᠢ ︿ᠬᠠᠲᠤᠨ ᠭᠤᠣᠯ ᠤᠨ ᠬᠡᠳᠦᠨ ᠦᠰᠦᠭᠲᠦ ᠪᠤᠯᠤᠩ﹀᠎ ᠤᠨ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠪᠠᠶᠠᠷ ᠤᠨ ᠠᠵᠢᠯᠯᠠᠭ᠎ᠠ ᠥᠨᠥᠳᠦᠷ ᠲᠡᠭᠦᠰ ᠠᠮᠵᠢᠯᠲᠠ ᠲᠠᠢ ᠲᠡᠭᠦᠰᠪᠡ᠂ ᠡᠨᠡ ᠳᠣᠯᠣᠭᠠᠨ ᠡᠳᠦᠷ ᠤᠨ ᠬᠤᠭᠤᠴᠠᠭᠠᠨ ᠳᠤ ᠪᠢᠳᠡ ᠪᠦᠬᠦ ᠰᠢᠶᠠᠨ ᠤ ᠥᠷᠭᠡᠨ ᠣᠯᠠᠨ ᠠᠷᠠᠳ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠂ ᠬᠤᠶᠢᠰᠢᠳᠠ ᠪᠢᠳᠡ ᠡᠶᠢᠮᠦ ᠤᠷᠠᠨ ᠰᠠᠶᠢᠬᠠᠨ ᠤ ᠠᠵᠢᠯᠯᠠᠭ᠎ᠠ ᠶᠢ ᠦᠷᠭᠦᠯᠵᠢᠯᠡᠨ ᠲᠠᠰᠤᠷᠠᠯᠲᠠ ᠦᠭᠡᠶ ᠡᠷᠭᠢᠯᠡᠵᠦ᠂ ᠥᠷᠭᠡᠨ ᠣᠯᠠᠨ ᠠᠷᠠᠳ ᠲᠦᠮᠡᠨ ᠤ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ︾᠃
       ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠨᠠᠶᠢᠷ ᠢ ᠡᠷᠭᠢᠯᠡᠭᠰᠡᠨ ᠨᠢ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶ᠋ᠯᠡᠰ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠠᠷᠢᠶᠠᠯᠠᠩ ᠤᠨ ᠣᠨᠴᠠ ᠭᠠᠷᠤᠯᠲᠠ ᠪᠠ ᠲᠤᠬᠠᠶ ᠶᠢᠨ ᠭᠠᠵᠠᠷ ᠤᠨ ᠠᠮᠲᠠᠲᠤ ᠢᠳᠡᠭᠡᠨ ᠤ ᠠᠵᠤ  ᠤᠶᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠵᠤ᠂ ᠤᠨᠴᠠᠯᠢᠭᠳᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠪᠡ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2