ᠯᠢᠶᠠᠩᠴᠧᠩ ᠰᠢᠶᠠᠨ ᠳᠤ᠄  ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠵᠦ ᠲᠦᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠯᠢᠶᠠᠩᠴᠧᠩ ᠰᠢᠶᠠᠨ ᠳᠤ ᠴᠤᠭᠯᠠᠷᠠᠨ᠎ᠠ
ᠨᠡᠶᠢᠲᠡᠯᠡᠭᠰᠡᠨ ᠴᠠᠭ᠄
2023/7/24
   ᠵᠤᠨ ᠤ ᠰᠠᠶᠢᠬᠠᠨ ᠯᠢᠶᠠᠩᠴᠧᠩ ᠰᠢᠶᠠᠨ ᠳᠤ᠂ ᠴᠡᠴᠡᠭ ᠤᠨ ᠪᠥᠭᠡᠮ ᠬᠡᠮᠡᠷᠯᠢᠭ ᠪᠠᠭᠯᠠᠷᠠᠨ᠂ ᠨᠣᠭᠤᠭᠠᠨ ᠥᠩᠭᠡ ᠪᠠᠷ ᠪᠢᠯᠬᠠᠨ᠂ ᠠᠭᠠᠷ ᠤᠨ ᠳᠤᠯᠠᠭᠠᠨ ᠨᠢ ᠪᠤᠰᠤᠳ ᠭᠠᠵᠠᠷ ᠣᠷᠣᠨ ᠤ ᠬᠢ ᠠᠴᠠ ᠳᠣᠣᠷ᠎ᠠ ᠰᠢᠭ᠋ ᠪᠠᠶᠢᠵᠤ᠂ ᠵᠤᠨ ᠤ ᠬᠠᠯᠠᠭᠤᠨ ᠢ ᠠᠷᠢᠯᠭᠠᠵᠤ ᠵᠤᠰᠠᠬᠤ ᠶᠢᠨ ᠰᠠᠶᠢᠨ ᠭᠠᠵᠠᠷ ᠪᠣᠯᠤᠨ᠎ᠠ᠃ ᠤᠢᠢᠷ᠎ᠠ ᠶᠢᠨ ᠬᠤᠭᠤᠴᠠᠭᠠᠨ ᠳᠤ ᠵᠤᠭᠠᠴᠠᠯ ᠤᠨ ᠬᠥᠭᠵᠢᠶᠡᠨᠲᠡᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠯᠢᠶᠠᠩᠴᠧᠩ ᠰᠢᠶᠠᠨ ᠤ ᠬᠢᠨ ᠠᠵᠠ ᠲᠣᠬᠢᠶᠠᠯ ᠢ ᠠᠮᠵᠢᠵᠤ᠂ ︽ᠰᠣᠶᠣᠯ + ᠵᠤᠭᠠᠴᠠᠯ + ᠤᠨᠴᠠᠯᠢᠬᠳᠤ ᠪᠦᠲᠦᠭᠡᠭᠳᠡᠬᠦᠨ︾ ᠤ ᠪᠣᠷᠣᠯᠠᠭᠤᠯᠭ᠎ᠠ ᠶᠢᠨ ᠲᠣᠭᠤᠷᠢᠨ ᠳᠤ᠂ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠵᠤᠭᠠᠴᠠᠯ ᠤᠨ ᠦᠢᠯᠡᠳᠬᠡᠬᠦᠨ ᠤ ᠰᠢᠨ᠎ᠡ ᠶᠢ ᠡᠭᠦᠳᠴᠦ᠂ ᠵᠤᠭᠠᠴᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠬᠠᠮᠤᠭ ᠤᠨ ᠰᠠᠶᠢᠨ ᠪᠠᠶᠢᠳᠠᠯ᠂ ᠬᠠᠮᠤᠭ ᠤᠨ ᠥᠨᠳᠥᠷ ᠬᠠᠯᠠᠭᠤᠨ ᠰᠡᠳᠬᠢᠯᠭᠡ ᠪᠠᠷ ᠨᠠᠢᠮᠠᠨ ᠵᠣᠪᠬᠢᠰ ᠤᠨ ᠵᠤᠭᠠᠴᠠᠭᠰᠠᠳ ᠢ ᠤᠭᠲᠤᠵᠤ ᠪᠠᠶᠢᠨ᠎ᠠ᠃
   ᠣᠶᠢᠷ᠎ᠠ ᠳᠤ᠂ ᠵᠤᠭᠠᠴᠠᠭᠰᠠᠳ ᠢ ᠳᠦᠭᠦᠷᠲᠡᠯ᠎ᠡ ᠲᠡᠭᠡᠭᠡᠭᠰᠡᠨ ᠠᠷᠪᠠ ᠭᠠᠷᠤᠶ ᠲᠣᠮᠣ ᠰᠠᠭᠤᠳᠠᠯ ᠤᠨ ᠮᠠᠰᠢᠨ ᠲᠡᠷᠭᠡ ᠨᠦᠭᠦᠳ ᠲᠠᠷᠢᠶᠠᠨ ᠭᠠᠵᠠᠷ ᠪᠠ ᠬᠠᠭᠤᠷᠠᠶ ᠲᠠᠷᠢᠶᠠᠨ ᠤ ᠡᠯᠳᠡᠪ ᠠᠮᠤ ᠪᠤᠳᠠᠭᠠᠨ ᠳᠤ ᠠᠯᠭᠤᠷ ᠣᠷᠣᠵᠤ᠂ ᠱᠠᠨ ᠰᠢ ᠮᠤᠵᠢ ᠶᠢᠨ ᠲᠠᠶᠢᠶᠤᠸᠠᠨ ᠬᠤᠲᠠ ᠠᠴᠠ ᠢᠷᠡᠭᠰᠡᠨ ᠡᠳᠡᠭᠡᠷ ᠵᠤᠭᠠᠴᠠᠭᠰᠠᠳ ᠦᠵᠡᠭᠦᠯᠦᠯᠭᠡ ᠶᠢᠨ ᠲᠢᠩᠬᠢᠮ ᠳᠤ ᠣᠷᠣᠮᠠᠭᠴᠠ᠂ ᠥᠩᠭᠡ ᠪᠤᠳᠤᠭ ᠨᠢ ᠠᠯᠲᠠᠨ ᠰᠢᠷᠭᠠᠯ ᠲᠣᠰᠣᠨ ᠳᠤ ᠪᠤᠴᠠᠯᠭᠠᠭᠰᠠᠨ ᠪᠣᠣᠪᠤ᠂ ᠠᠮᠲᠠᠲᠠᠶ ᠵᠥᠭᠡᠯᠡᠨ ᠡᠷᠳᠡᠨᠢ ᠰᠢᠰᠢ᠂ ᠥᠳᠬᠡᠨ ᠰᠠᠶᠢᠬᠠᠨ ᠪᠤᠷᠴᠠᠭ ᠤᠨ ᠤᠭᠤᠷᠠᠭ ᠲᠤ ᠲᠠᠲᠠᠭᠳᠠᠵᠤ᠂ ᠬᠤᠶᠢᠨ᠎ᠠ ᠬᠤᠶᠢᠨ᠎ᠠ ᠠᠴᠠ ᠪᠠᠨ ᠠᠮᠲᠠᠯᠠᠵᠠᠶ᠃ ᠠᠮᠲᠠᠯᠠᠭᠰᠠᠨ ᠤ ᠳᠠᠷᠠᠭ᠎ᠠ᠂ ᠵᠤᠭᠠᠴᠠᠭᠰᠠᠳ ᠡᠯᠳᠡᠪ ᠠᠮᠤ ᠦᠢᠯᠡᠳᠪᠦᠷᠢᠯᠡᠬᠦ ᠶᠠᠪᠤᠴᠠ ᠵᠢᠴᠢ ᠦᠢᠯᠡᠳᠬᠦ ᠠᠷᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠯᠢᠶᠠᠩᠴᠧᠩ ᠰᠢᠶᠠᠨ ᠤ ᠲᠤᠬᠠᠢ ᠶᠢᠨ ᠭᠠᠵᠠᠷ ᠠᠴᠠ ᠭᠠᠷᠤᠯᠲᠠ ᠲᠠᠢ ᠨᠡᠶᠢᠲᠡ ᠳᠤ ᠬᠤᠣᠷᠳᠠᠭᠳᠠᠯ ᠦᠭᠡᠢ ᠬᠠᠭᠤᠷᠠᠢ ᠪᠠᠷ ᠡᠯᠳᠡᠪ ᠠᠮᠤ ᠲᠠᠷᠢᠬᠤ ᠶᠢ ᠣᠯᠵᠤ ᠮᠡᠳᠡᠭᠰᠡᠨ ᠤ ᠳᠠᠷᠠᠭ᠎ᠠ ᠪᠦᠷ ᠥᠷᠢᠰᠥᠯᠳᠦᠨ ᠬᠤᠳᠠᠯᠳᠤᠨ ᠠᠪᠴᠤ᠂ ᠳᠦᠭᠦᠷᠡᠩ ᠠᠴᠢᠶ᠎ᠠ ᠲᠡᠭᠡᠭᠡᠪᠦᠷᠢ ᠲᠠᠢ ᠪᠠᠷ ᠪᠤᠴᠠᠵᠤ ᠢᠷᠡᠳᠡᠭ
   ᠲᠠᠷᠢᠶᠠᠨ ᠭᠠᠵᠠᠷ ᠪᠠ ᠬᠠᠭᠤᠷᠠᠶ ᠲᠠᠷᠢᠶᠠᠨ ᠭᠠᠵᠠᠷ ᠤᠨ ᠡᠯᠳᠡᠪ ᠠᠮᠤ ᠶᠢᠨ ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ᠂ ᠪᠣᠷᠣᠯᠠᠭᠤᠯᠭ᠎ᠠ ᠶᠢᠨ ᠶᠡᠷᠦᠩᠬᠡᠶ ᠬᠢᠨᠠᠭᠴᠢ ᠴᠧᠨ ᠶᠦᠨ ᠹᠸᠢ ᠬᠡᠯᠡᠬᠦ ᠳᠡᠭᠡᠨ᠄ ︽ᠵᠢᠯ ᠪᠦᠷᠢ ᠶᠢᠨ ᠵᠣᠨ ᠤ ᠤᠯᠠᠷᠢᠯ ᠪᠣᠯᠬᠤ ᠳᠤ᠂ ᠲᠠᠯ᠎ᠠ ᠨᠤᠲᠤᠭ ᠤᠨ ᠬᠠᠮᠤᠭ ᠤᠨ ᠰᠠᠶᠢᠬᠠᠨ ᠤᠯᠠᠷᠢᠯ ᠳᠤ᠂ ᠮᠠᠨ ᠤ ᠲᠠᠷᠢᠶᠠᠨ ᠭᠠᠵᠠᠷ ᠪᠠ ᠡᠯᠳᠡᠪ ᠠᠮᠤ ᠨᠢ ᠴᠥᠮ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠣᠴᠢᠨ ᠡᠷᠦᠬᠡ ᠶᠢ ᠤᠷᠢᠵᠤ᠂ ᠮᠠᠨ ᠤ ᠦᠶ᠋ᠯᠡᠳᠪᠦᠷᠢ ᠳᠤ ᠭᠦᠨᠵᠡᠭᠡᠶᠢᠷᠡᠨ᠂ ᠮᠠᠨ ᠤ ᠡᠯᠳᠡᠪ ᠠᠮᠤ ᠶᠢᠨ ᠦᠶ᠋ᠯᠡᠳᠪᠦᠷᠢᠯᠡᠯ ᠤᠨ ᠤᠷᠠᠯᠠᠯ ᠤᠨ ᠶᠠᠪᠤᠴᠠ ᠶᠢ ᠪᠣᠳᠠᠲᠠᠶ ᠭᠠᠵᠠᠷ ᠲᠤᠨᠢ ᠣᠶᠢᠯᠠᠭᠠᠵᠤ᠂ ᠮᠠᠨ ᠤ ᠡᠯᠳᠡᠪ ᠠᠮᠤ ᠶᠢᠨ ᠠᠮᠲᠠᠲᠤ ᠢᠳᠡᠭᠡᠨ ᠢᠶᠠᠷ ᠲᠣᠯᠢ ᠪᠣᠯᠭᠠᠵᠤ᠂ ᠨᠠᠩ ᠣᠯᠠᠨ ᠡᠯᠳᠡᠪ ᠠᠮᠤ ᠶᠢᠨ ᠢᠳᠡᠰᠢ ᠶᠢᠨ ᠰᠣᠶᠣᠯ ᠢ ᠣᠶᠢᠯᠠᠭᠠᠬᠤ ᠪᠣᠯᠤᠨ᠎ᠠ᠃ ᠡᠲᠡᠭᠡᠷ ᠵᠤᠭᠠᠴᠠᠭᠰᠠᠳ ᠤᠨ ᠬᠦᠷᠴᠦ ᠢᠷᠡᠬᠦ ᠨᠢ ᠲᠤᠬᠠᠶ ᠶᠢᠨ ᠭᠠᠵᠠᠷ ᠤᠨ ᠠᠵᠤ ᠠᠬᠤᠶ ᠳᠤ ᠠᠮᠢᠵᠢᠷᠠᠯ ᠤᠨ ᠬᠦᠴᠦᠨ ᠣᠯᠭᠤᠵᠤ᠂ ᠬᠤᠭᠤᠯᠠ ᠤᠮᠳᠠ᠂ ᠬᠤᠨᠤᠭ ᠪᠠᠭᠤᠳᠠᠯ᠂ ᠵᠢᠭᠤᠯᠴᠢᠯᠠᠯ ᠵᠡᠷᠭᠡ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠪᠣᠯᠤᠨ᠎ᠠ︾ ᠭᠡᠵᠡᠶ᠃    ᠠᠮᠲᠠᠲᠤ ᠢᠳᠡᠭᠡᠨ ᠢ ᠠᠮᠲᠠᠯᠠᠵᠤ ᠦᠵᠡᠭᠰᠡᠨ ᠤ ᠳᠠᠷᠠᠭ᠎ᠠ᠂ ᠵᠤᠭᠠᠴᠠᠭᠰᠠᠳ ᠿᠢ ᠱᠧᠩ ᠳ᠋ᠡ ᠪᠠᠭᠤᠳᠠᠯ ᠳᠤ ᠢᠷᠡᠵᠦ ᠬᠤᠭᠤᠯᠠ ᠢᠳᠡᠵᠦ᠂ ᠠᠮᠠᠷᠠᠵᠤ᠂ ᠪᠡᠶ᠎ᠡ ᠰᠡᠳᠬᠢᠯ ᠢᠶᠠᠨ ᠲᠠᠢᠪᠤᠰᠢᠷᠠᠭᠤᠯᠵᠤ ᠪᠠᠶᠢᠯ᠎ᠠ᠃ ᠿᠢ ᠱᠧᠩ ᠳ᠋ᠡ ᠵᠣᠴᠢᠳ ᠤᠨ ᠪᠠᠭᠤᠳᠠᠯ ᠡᠷᠲᠡ ᠠᠴᠠ ᠪᠡᠯᠡᠳᠬᠡᠯ ᠬᠢᠵᠦ᠂ ᠬᠠᠯᠠᠭᠤᠮᠰᠤᠭ ᠨᠢᠮᠪᠠᠢ ᠦᠢᠯᠡᠴᠢᠯᠡᠭᠡ ᠪᠠᠷ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠵᠤ᠂ ᠵᠤᠭᠠᠴᠠᠭᠰᠠᠳ ᠤᠨ ᠶᠠᠳᠠᠷᠠᠯ ᠵᠦᠳᠡᠷᠡᠯ ᠢ ᠲᠠᠶᠢᠯᠵᠤ᠂ ᠲᠠᠭᠠᠯᠠᠮᠵᠢᠲᠠᠢ ᠴᠠᠭ ᠮᠥᠴᠡ ᠶᠢ ᠡᠳ᠋ᠯᠡᠭᠦᠯᠬᠦ ᠪᠠᠷ ᠪᠣᠯᠪᠠ᠃
   ᠣᠬᠤᠷᠬᠠᠨ ᠬᠤᠭᠤᠴᠠᠭᠠᠨ ᠤ ᠠᠮᠠᠷᠠᠯᠲᠠ ᠶᠢᠨ ᠲᠠᠷᠠᠭ᠎ᠠ᠂ ᠵᠤᠭᠠᠴᠠᠭᠰᠠᠳ ᠲᠠᠭ᠎ᠠ ᠶᠢᠨ ᠨᠠᠭᠤᠷ ᠤᠨ ᠦᠵᠡᠮᠵᠢ ᠶᠢᠨ ᠣᠷᠣᠨ ᠳᠤ ᠢᠷᠡᠵᠤ᠂ ᠨᠢᠭᠡ ᠲᠠᠯ᠎ᠠ ᠪᠠᠷ ᠭᠤᠶᠤ ᠰᠠᠶᠢᠬᠠᠨ ᠦᠵᠡᠮᠵᠢ ᠶᠢ ᠰᠣᠨᠢᠷᠬᠠᠵᠤ᠂ ᠨᠢᠭᠡ ᠲᠠᠯ᠎ᠠ ᠪᠠᠷ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠰᠡᠷᠢᠭᠦᠨ ᠬᠤᠳᠠ ᠶᠢᠨ ᠰᠠᠶᠢᠨ ᠰᠠᠶᠢᠬᠠᠨ ᠦᠵᠡᠮᠵᠢ ᠶᠢ ᠡᠳ᠋ᠯᠡᠨ᠎ᠡ᠃ ᠵᠤᠭᠠᠴᠠᠭᠰᠠᠳ ᠰᠡᠷᠢᠭᠦᠨ ᠬᠤᠳᠠ ᠶᠢᠨ ᠰᠠᠶᠢᠬᠠᠨ ᠦᠵᠡᠮᠵᠢ ᠪᠣᠯᠤᠨ ᠣᠷᠣᠨ ᠨᠤᠲᠤᠭ ᠤᠨ ᠵᠠᠩ ᠠᠭᠠᠯᠢ ᠶᠢ ᠠᠮᠠ ᠬᠠᠮᠬᠢᠯ ᠦᠭᠡᠢ ᠮᠠᠭᠲᠠᠨ᠎ᠠ᠃ ᠵᠤᠭᠠᠴᠠᠭᠴᠢ ᠯᠢᠦ ᠳ᠋ᠦᠩ᠄ ︽ᠯᠢᠶᠠᠩᠴᠧᠩ  ᠰᠢᠶᠠᠨ ᠤ ᠬᠢᠨ ᠪᠢᠳᠡᠨ ᠳᠤ ᠰᠠᠶᠢᠨ ᠰᠠᠶᠢᠬᠠᠨ ᠰᠠᠭᠤᠭᠳᠠᠯ ᠦᠯᠡᠳᠡᠭᠡᠵᠡᠢ᠂ ᠠᠳᠡᠬᠢ ᠶᠢᠨ ᠬᠥᠮᠦᠰ ᠲᠤ ᠦᠨᠡᠨᠴᠢ ᠰᠢᠳᠤᠷᠭᠤ ᠪᠥᠭᠡᠳ ᠪᠣᠷᠣᠭᠵᠢᠭᠤᠨ᠂ ᠬᠠᠯᠠᠭᠤᠨ ᠰᠡᠳᠬᠢᠯᠭᠡ ᠲᠠᠢ᠂ ᠬᠡᠳᠦ᠋ᠢᠪᠡᠷ ᠡᠮᠦᠨ᠎ᠡ ᠬᠤᠶᠠᠷ ᠡᠳᠦᠷ ᠪᠣᠷᠣᠭᠠᠨ ᠲᠠᠢ ᠪᠠᠶᠢᠭᠰᠠᠨ ᠴᠤ ᠪᠢᠳᠡᠨ ᠤ ᠰᠡᠳᠬᠢᠯ ᠰᠠᠨᠠᠭ᠎ᠠ ᠮᠠᠰᠢ ᠠᠭᠤᠵᠢᠷᠠᠵᠤ᠂ ᠪᠢᠳᠡ ᠰᠢᠶᠠᠨ  ᠠᠴᠠ ᠰᠠᠯᠬᠤ ᠳᠤᠷ᠎ᠠ ᠦᠭᠡᠢ ᠪᠣᠯᠪᠠ᠂ ᠵᠠᠪᠰᠢᠶᠠᠨ ᠳᠠᠭᠠᠷᠠᠪᠠᠯ ᠲᠠᠬᠢᠭᠠᠳ ᠢᠷᠡᠶ᠎ᠡ᠂ ᠣᠨᠴᠠᠭᠠᠶᠢᠯᠠᠨ ᠦᠵᠡᠮᠵᠢ᠂ ᠬᠦᠬᠡ ᠣᠭᠲᠠᠷᠭᠤᠢ᠂ ᠴᠠᠭᠠᠨ ᠡᠭᠦᠯᠡ᠂ ᠤᠯᠠᠨ ᠢᠶᠠᠷ ᠢᠶᠠᠨ ᠮᠠᠰᠢ ᠤᠯᠠᠨ ᠰᠠᠶᠢᠬᠠᠨ ᠦᠵᠡᠮᠵᠢ ᠰᠡᠭᠦᠳᠡᠷᠯᠡᠪᠡ᠂ ᠪᠢᠳᠡ ᠯᠢᠶᠠᠩᠴᠧᠩ ᠬᠤᠳᠠ ᠶᠢᠨ ᠰᠠᠶᠢᠨ ᠰᠠᠶᠢᠬᠠᠨ ᠰᠠᠭᠤᠭᠳᠠᠯ ᠢ ᠲᠠᠶᠢᠶᠤᠸᠠᠨ ᠳᠤ ᠠᠪᠴᠢᠷᠠᠨ᠎ᠠ︾ ᠭᠡᠵᠦ ᠬᠡᠯᠡᠪᠡ᠃
   ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠰᠢᠶᠠᠨ ᠢᠶᠠᠷ ᠢᠶᠠᠨ ᠨᠡᠶᠢᠲᠡ 11.18 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 190% ᠢᠶᠠᠷ ᠨᠡᠮᠡᠭᠳᠡᠵᠦ᠂ 1117.73 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠡᠢ︔ ᠪᠦᠬᠦ ᠰᠢᠶᠠᠨ ᠤ ᠬᠥᠳᠡᠭᠡ ᠲᠣᠰᠬᠤᠨ ᠤ ᠵᠤᠭᠠᠴᠠᠯ ᠳᠤ ᠵᠤᠭᠠᠴᠠᠭᠰᠠᠳ ᠢ ᠨᠡᠶᠢᠲᠡ 2.75 ᠲᠦᠮᠡ ᠭᠠᠷᠤᠢ ᠬᠥᠮᠦᠨ ᠤᠳᠠᠭ᠎ᠠ ᠬᠦᠯᠢᠶᠡᠨ ᠠᠪᠴᠤ᠂ ᠪᠦᠬᠦ ᠰᠢᠶᠠᠨ ᠤ ᠵᠤᠭᠠᠴᠠᠭᠰᠠᠳ ᠤᠨ 24.6% ᠢ ᠡᠵᠡᠯᠡᠵᠦ᠂ ᠣᠷᠣᠯᠭ᠎ᠠ ᠨᠢ 412.5 ᠲᠦᠮᠡ ᠭᠠᠷᠤᠢ ᠲᠥᠭᠦᠷᠢᠭ ᠲᠤ ᠬᠦᠷᠴᠡᠢ᠃ ᠯᠢᠶᠠᠩᠴᠧᠩ ᠰᠢᠶᠠᠨ ᠤ ᠬᠢᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢᠨ ᠰᠠᠶᠢᠨ ᠰᠠᠶᠢᠬᠠᠨ ᠠᠵᠠ ᠲᠣᠬᠢᠶᠠᠯ ᠢ ᠪᠠᠲᠤ ᠡᠵᠡᠮᠳᠡᠵᠦ᠂ ᠡᠯᠪᠡᠭ ᠪᠠᠶᠠᠯᠢᠭ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠵᠤᠭᠠᠴᠠᠯ ᠤᠨ ᠬᠥᠭᠵᠢᠯᠲᠡ ᠶᠢᠨ ᠠᠭᠤᠯᠤᠭᠳᠠᠬᠤᠨ ᠢ ᠳᠡᠭᠡᠭᠰᠢᠯᠡᠭᠦᠯᠵᠦ᠂ ᠪᠦᠬᠦ ᠣᠷᠣᠨ ᠪᠦᠰᠡ ᠪᠦᠬᠦ ᠤᠯᠠᠷᠢᠯ ᠤᠨ ᠵᠤᠭᠠᠴᠠᠯ ᠤᠨ  ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠤᠯᠠᠨ ᠠᠮᠢᠵᠢᠷᠠᠯ ᠤᠨ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ                                                                     ᠢᠷᠡᠯᠳᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2