ᠵᠢᠷᠭᠤᠳᠣᠭᠠᠷ ᠰᠤᠮᠤ ᠪᠠᠯᠭᠠᠰᠤ᠄ ︽ᠰᠤᠷᠤᠯᠴᠠᠯᠭ᠎ᠠ  ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠠᠶᠢᠨ ᠪᠠᠭᠰᠢ ᠰᠠᠶᠢᠨ ᠨᠠᠶᠢᠵᠠ ᠮᠦᠨ
ᠨᠡᠶᠢᠲᠡᠯᠡᠭᠰᠡᠨ ᠴᠠᠭ᠄
2023/7/30
   ᠥᠷᠯᠥᠭᠡ ᠪᠣᠯᠭᠠᠨ ᠭᠠᠷ ᠤᠲᠠᠰᠤ ᠪᠠᠷ ᠢᠶᠠᠨ ︽ᠰᠤᠷᠤᠯᠴᠠᠯᠭ᠎ᠠ  ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠨᠡᠭᠡᠭᠡᠵᠦ᠂ ᠰᠣᠨᠢᠨ ᠮᠡᠳᠡᠭᠡ ᠦᠵᠡᠬᠦ᠂ ᠷᠠᠳᠢᠣ᠋ ᠨᠡᠪᠲᠡᠷᠡᠭᠦᠯᠭᠡ ᠰᠣᠨᠣᠰᠬᠤ᠂ ᠰᠡᠳᠦᠪ ᠬᠠᠷᠢᠭᠤᠯᠬᠤ ᠠᠴᠠ ᠨᠢᠭᠡ ᠡᠳᠦᠷ ᠢᠶᠠᠨ ᠲᠡᠭᠦᠯᠳᠡᠷᠵᠢᠨ᠎ᠡ᠃ ᠡᠨᠡ ᠨᠢ ᠨᠢᠭᠡᠨᠲᠡ ᠵᠢᠷᠭᠤᠳᠤᠭᠠᠷ ᠰᠤᠮᠤ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠤᠷᠤᠯᠴᠠᠯᠭ᠎ᠠ ᠠᠮᠢᠳᠤᠷᠠᠯ ᠤᠨ ᠬᠡᠪ ᠤᠨ ᠪᠠᠶᠢᠳᠠᠯ ᠪᠣᠯᠤᠭᠰᠠᠨ ᠪᠠᠶᠢᠨ᠎ᠠ᠃
   ᠵᠠᠩ ᠴᠦᠨ ᠢᠦᠢ ᠪᠣᠯ ᠵᠢᠷᠭᠤᠳᠤᠭᠠᠷ ᠰᠤᠮᠤ ᠪᠠᠯᠭᠠᠰᠤᠨ ᠤ ᠨᠢᠭᠡᠨ ᠦᠨᠳᠦᠰᠦᠨ ᠱᠠᠲᠤᠨ ᠤ ᠺᠠᠳ᠋ᠷ ᠪᠣᠯᠤᠨ᠎ᠠ᠂ ᠲᠡᠭᠦᠨ ᠤ ᠡᠳᠦᠷ ᠲᠤᠳᠤᠮ ᠤᠨ ᠠᠵᠢᠯ ᠨᠢ ᠶᠠᠭᠠᠷᠠᠯᠲᠠᠢ ᠪᠣᠯᠪᠠᠴᠤ ᠬᠡᠳᠦᠢ ᠶᠠᠭᠠᠷᠠᠯᠲᠠᠢ ᠪᠠᠶᠢᠭᠰᠠᠨ ᠴᠤ ᠲᠡᠷᠡ ᠡᠳᠦᠷ ᠪᠣᠯᠭᠠᠨ ︽ᠰᠤᠷᠤᠯᠴᠠᠯᠭ᠎ᠠ  ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠨᠡᠭᠡᠭᠡᠵᠦ᠂ ᠥᠪᠡᠷ ᠤᠨ ᠪᠡᠶ᠎ᠡ ᠳᠡᠭᠡᠨ ᠬᠠᠷᠢᠶᠠᠯᠠᠭᠳᠠᠬᠤ ᠰᠤᠷᠤᠯᠴᠠᠯᠭ᠎ᠠ ᠶᠢᠨ ᠴᠠᠭ ᠮᠥᠴᠡ ᠪᠠᠨ ᠡᠬᠢᠯᠡᠭᠦᠯᠳᠡᠭ᠂ ᠲᠦᠷᠪᠡᠨ ᠵᠢᠯ ᠤᠨ ᠲᠤᠷᠰᠢ᠂ ᠡᠨᠡᠬᠦ ᠳᠠᠳᠬᠠᠯ ᠨᠢ ᠣᠭᠲᠣᠬᠠᠨ ᠴᠤ ᠬᠥᠳᠡᠯᠬᠦ ᠦᠭᠡᠢ ᠶᠤᠮ᠃ ᠰᠤᠷᠤᠯᠴᠠᠯᠭ᠎ᠠ ᠶᠢᠨ ᠲᠠᠪᠴᠠᠩ ᠳᠠᠬᠢ ︽ᠰᠡᠳᠦᠪ ᠬᠠᠷᠢᠭᠤᠯᠬᠤ ᠥᠷᠢᠰᠥᠯᠳᠦᠭᠡᠨ︾ ᠪᠣᠯ ᠲᠡᠭᠦᠨ ᠤ ᠬᠠᠮᠤᠭ ᠤᠨ ᠶᠡᠭᠡ ᠬᠦᠴᠦ ᠣᠷᠣᠭᠤᠯᠤᠭᠰᠠᠨ ᠬᠡᠰᠡᠭ ᠪᠣᠯᠤᠨ᠎ᠠ᠃ ᠤᠳᠠᠭ᠎ᠠ ᠪᠦᠷᠢ ᠶᠢᠨ ᠥᠷᠢᠰᠥᠯᠳᠦᠭᠡᠨ ᠨᠢ ᠪᠦᠷ ᠡᠩ ᠤᠨ ᠦᠶ᠎ᠡ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠨᠢᠭᠡ ᠤᠳᠠᠭᠠᠨ ᠤ ᠰᠢᠯᠭᠠᠯᠲᠠ ᠪᠣᠯᠤᠨ᠎ᠠ᠃ ᠵᠣᠷᠢᠭ ᠰᠥᠰᠥ ᠲᠠᠢ ᠬᠥᠮᠦᠰ ᠢ ᠭᠤᠮᠣᠳᠠᠭᠠᠬᠤ ᠦᠭᠡᠢ᠂ ᠵᠠᠩ ᠴᠦᠨ ᠢᠦᠢ ᠶᠢᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠥᠷᠢᠰᠥᠯᠳᠦᠭᠡᠨ ᠤ ᠤᠷᠤᠯᠳᠤᠭᠠᠨ ᠤ ᠨᠡᠷᠡᠰ ᠤᠨ ᠵᠢᠭᠰᠠᠭᠠᠯᠲᠠ ᠲᠠᠰᠤᠷᠠᠯᠳᠡ ᠦᠭᠡᠢ ᠳᠡᠭᠡᠭᠰᠢᠯᠡᠵᠡᠢ᠃ 2022 ᠣᠨ ᠳᠤ᠂ ᠲᠡᠷᠡ ᠯᠢᠶᠠᠩᠴᠧᠩ ᠰᠢᠶᠠᠨ ᠤ 2022 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠤᠳᠤ ᠪᠠᠷ ᠦᠨᠡᠯᠡᠭᠳᠡᠪᠡ᠃ ᠵᠢᠷᠭᠤᠳᠤᠭᠠᠷ ᠰᠤᠮᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠴᠦᠨ ᠢᠦᠶ᠄ ︽︿ᠰᠤᠷᠤᠯᠴᠠᠯᠭ᠎ᠠ  ᠶᠢᠨ ᠬᠦᠴᠦᠷᠭᠡᠭ ᠤᠯᠤᠰ﹀ ᠨᠢ ᠨᠢᠭᠡᠨᠲᠡ ᠮᠢᠨᠦ ᠠᠮᠢᠳᠤᠷᠠᠯ ᠠᠵᠢᠯ ᠤᠨ ᠳᠤᠲᠠᠭᠳᠠᠵᠤ ᠪᠣᠯᠤᠰᠢ ᠥᠬᠡᠶ ᠨᠢᠭᠡ ᠬᠡᠰᠡᠭ ᠪᠣᠯᠵᠣ᠂ ᠨᠠᠳᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠵᠤ᠂ ᠨᠢᠭᠡᠨᠲᠡ ᠣᠯᠠᠨ ᠲᠦᠮᠡᠨ ᠳᠤ  ᠤᠶᠢᠯᠡᠴᠢᠯᠡᠬᠦ ︽ᠲᠣᠰᠣ ᠨᠡᠮᠡᠬᠦ ᠥᠷᠲᠡᠭᠡ︾ ᠪᠣᠯᠤᠭᠰᠠᠨ ᠪᠠᠶᠢᠨ᠎ᠠ︾ ᠭᠡᠵᠡᠶ᠃ ᠲᠠᠷᠠᠭᠠᠴᠢ ᠶᠢᠨ ᠠᠯᠬᠤᠮ ᠳᠤ᠂ ᠪᠢ ᠦᠷᠭᠦᠯᠵᠢᠯᠡᠨ ︿ᠰᠤᠷᠤᠯᠴᠠᠯᠭ᠎ᠠ  ᠶᠢᠨ ᠬᠦᠴᠦᠷᠭᠡᠭ ᠤᠯᠤᠰ﹀ ᠲᠠᠪᠴᠠᠩ ᠢ ᠰᠠᠶᠢᠲᠤᠷ ᠠᠰᠢᠭᠯᠠᠵᠤ᠂ ᠥᠪᠡᠷ ᠤᠨ ᠪᠡᠶ᠎ᠡ ᠳᠡᠭᠡᠨ ︿ᠴᠠᠬᠢᠯᠭᠠᠨ ᠴᠡᠨᠡᠭᠯᠡᠵᠦ﹀᠂ ᠠᠵᠢᠯ ᠳᠠᠭᠠᠨ ᠴᠢᠳᠠᠪᠤᠷᠢ ᠣᠯᠭᠤᠨ᠎ᠠ᠂ ᠬᠤᠶᠢᠰᠢᠳᠠ ᠪᠢ ᠪᠠᠰᠠ ᠡᠨᠡ ᠬᠦ ᠲᠠᠪᠴᠠᠩ ᠢ ᠨᠠᠩ ᠣᠯᠠᠨ ᠬᠥᠮᠦᠨ ᠳᠤ ᠲᠠᠨᠢᠯᠴᠠᠭᠤᠯᠵᠤ᠂ ︿ᠰᠤᠷᠤᠯᠴᠠᠯᠭ᠎ᠠ  ᠶᠢᠨ ᠬᠦᠴᠦᠷᠭᠡᠭ ᠤᠯᠤᠰ﹀ ᠶᠢᠨ ᠷᠢᠳᠢ ᠰᠢᠳᠢ ᠶᠢ ᠣᠯᠠᠨ ᠳᠤ ᠦᠵᠡᠭᠦᠯᠬᠦ ᠶᠢ ᠬᠦᠰᠡᠵᠦ ᠪᠠᠶᠢᠨ᠎ᠠ︾ ᠭᠡᠵᠡᠶ᠃
   ᠴᠢᠳᠠᠮᠠᠭᠠᠶ ᠪᠠᠷ ᠰᠤᠷᠤᠯᠴᠠᠪᠠᠯ ᠳᠠᠷᠤᠶ ᠴᠢᠳᠠᠮᠠᠭᠠᠶ ᠪᠠᠷ ᠳᠠᠪᠰᠢᠵᠤ ᠴᠢᠳᠠᠨ᠎ᠠ᠃ ᠨᠢᠦ ᠶᠠᠨ᠂ ᠵᠢᠷᠭᠤᠳᠤᠭᠠᠷ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ︽ᠰᠤᠷᠤᠯᠴᠠᠯᠭ᠎ᠠ  ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠬᠡᠷᠡᠭᠯᠡᠨ ᠰᠤᠷᠤᠯᠴᠠᠬᠤ ᠨᠢ ᠨᠢᠭᠡᠨᠲᠡ ᠲᠡᠭᠦᠨ ᠤ ᠠᠵᠢᠯ ᠠᠮᠢᠳᠤᠷᠠᠯ ᠤᠨ ᠳᠤᠲᠠᠭᠳᠠᠵᠤ ᠪᠣᠯᠤᠰᠢ ᠥᠬᠡᠶ ᠨᠢᠭᠡ ᠬᠡᠰᠡᠭ ᠪᠣᠯᠵᠠᠶ᠂ ︽ᠰᠤᠷᠤᠯᠴᠠᠯᠭ᠎ᠠ  ᠶᠢᠨ ᠬᠦᠴᠦᠷᠭᠡᠭ ᠤᠯᠤᠰ ︾ ᠰᠤᠷᠤᠯᠴᠠᠯᠭ᠎ᠠ ᠶᠢᠨ ᠲᠠᠪᠴᠠᠩ ᠢᠶᠠᠷ ᠳᠡᠮᠵᠢᠨ᠂ ᠡᠳᠦᠷ ᠪᠦᠷᠢ ᠰᠤᠷᠤᠯᠴᠠᠬᠤ ᠳᠠᠳᠬᠠᠯ ᠲᠠᠢ ᠪᠣᠯᠵᠣ᠂ ᠡᠯᠪᠡᠭ ᠪᠠᠶᠠᠯᠢᠭ ᠮᠡᠳᠡᠯᠭᠡ ᠡᠵᠡᠮᠰᠢᠭᠰᠡᠨ ᠮᠥᠷᠲᠡᠭᠡᠨ ᠪᠠᠰᠠ ᠲᠡᠭᠦᠨ ᠤ ᠲᠠᠰᠤᠷᠠᠯᠲᠠ ᠥᠬᠡᠶ ᠤᠷᠤᠭᠰᠢᠯᠠᠨ ᠳᠠᠪᠰᠢᠬᠤ ᠠᠵᠢᠯ ᠤᠨ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ ᠤᠷᠢᠳ ᠬᠤᠵᠢᠳ ᠯᠢᠶᠠᠩᠴᠧᠩ ᠰᠢᠶᠠᠨ ᠤ 2021 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠤᠳᠤᠨ᠂ 2022 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠢᠯᠢᠳᠡᠭ ᠰᠤᠷᠤᠭᠴᠢ ᠪᠠᠷ ᠦᠨᠡᠯᠡᠭᠳᠡᠵᠦ ᠥᠩᠭᠡᠷᠡᠪᠡ᠃ ᠵᠢᠷᠭᠤᠳᠤᠭᠠᠷ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠨᠢᠦ ᠶᠠᠨ ᠬᠡᠯᠡᠬᠦ ᠳᠡᠭᠡᠨ᠄ ︽ᠪᠢ ᠡᠳᠦᠷ ᠪᠦᠷᠢ ︿ᠰᠤᠷᠤᠯᠴᠠᠯᠭ᠎ᠠ ᠶᠢᠨ ᠬᠦᠴᠦᠷᠬᠡᠭ ᠤᠯᠤᠰ﹀ ᠢ ᠨᠡᠭᠡᠭᠡᠵᠦ᠂ ᠥᠪᠡᠷ ᠢ ᠪᠠᠨ ᠴᠡᠨᠡᠭᠯᠡᠳᠡᠭ᠂ ︿ᠰᠤᠷᠤᠯᠴᠠᠯᠭ᠎ᠠ ᠶᠢᠨ ᠬᠦᠴᠦᠷᠬᠡᠭ ᠤᠯᠤᠰ﹀ ᠨᠢ ᠨᠠᠳᠠ ᠳᠤ ᠥᠯᠥ ᠮᠡᠳᠡᠭᠳᠡᠮ᠎ᠡ ᠨᠥᠯᠥᠭᠡ ᠦᠵᠡᠭᠦᠯᠳᠡᠭ᠂ ︿ᠰᠤᠷᠤᠯᠴᠠᠯᠭ᠎ᠠ ᠶᠢᠨ ᠬᠦᠴᠦᠷᠬᠡᠭ ᠤᠯᠤᠰ﹀ ᠤᠨ ᠰᠤᠷᠤᠯᠴᠠᠯᠭ᠎ᠠ ᠶᠢᠨ ᠲᠠᠪᠴᠠᠩ ᠢᠶᠠᠷ ᠳᠠᠮᠵᠢᠭᠤᠯᠤᠨ᠂ ᠬᠠᠤᠯᠢ ᠶᠢ ᠰᠤᠷᠤᠯᠴᠠᠨ ᠬᠠᠤᠯᠢ ᠶᠢ ᠣᠶᠢᠯᠠᠭᠠᠵᠤ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠨᠠᠩ ᠰᠠᠶᠢᠨ  ᠤᠶᠢᠯᠡᠴᠢᠯᠡᠵᠦ᠂ ᠦᠨᠳᠦᠰᠦᠨ ᠱᠠᠲᠤᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠳᠡᠭ︾ ᠭᠡᠵᠡᠶ᠃
       ᠲᠠᠷᠠᠭᠠᠴᠢ ᠶᠢᠨ ᠠᠯᠬᠤᠮ ᠳᠤ᠂ ᠵᠢᠷᠭᠤᠳᠤᠭᠠᠷ ᠰᠤᠮᠤ ᠪᠠᠯᠭᠠᠰᠤ ᠶᠢᠨ ᠬᠢᠨ ︽ᠰᠤᠷᠤᠯᠴᠠᠯᠭ᠎ᠠ  ᠶᠢᠨ ᠬᠦᠴᠦᠷᠭᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠰᠣᠷᠣᠭᠰᠠᠨ ᠢᠶᠠᠨ ᠬᠡᠷᠡᠭᠯᠡᠬᠦ ᠶᠢ ᠳᠣᠪᠤᠶᠢᠯᠭᠠᠨ᠂ ᠪᠣᠳᠠᠲᠠᠶ ᠶᠢ ᠡᠷᠬᠢᠮᠯᠡᠭᠰᠡᠨ ᠰᠤᠷᠤᠯᠴᠠᠬᠤ ᠰᠤᠷᠲᠠᠯ ᠢᠶᠠᠷ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠰᠦᠯᠵᠢᠶᠡᠨ ᠤ ᠵᠢᠭᠰᠠᠭᠠᠯ ᠤᠨ ᠭᠠᠵᠠᠷ ᠢᠶᠠᠨ ᠪᠠᠬᠢᠵᠢᠭᠦᠯᠵᠦ᠂ ᠲᠡᠮᠡᠴᠡᠯ ᠤᠨ ᠬᠦᠴᠦᠨ ᠢᠶᠠᠨ ᠨᠢᠭᠲᠠᠷᠠᠭᠤᠯᠵᠤ᠂ ᠬᠥᠭᠵᠢᠯᠲᠡ ᠶᠢᠨ ᠶᠡᠭᠡ ᠲᠠᠯ᠎ᠠ ᠳᠤ  ᠤᠶᠢᠯᠡᠴᠢᠯᠡᠨ᠎ᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠮᠢᠳᠤᠯᠢᠭ ᠬᠡᠯᠪᠡᠷᠢ ᠪᠠᠷ ᠠᠭᠤᠯᠤᠭᠳᠠᠬᠤᠨ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠰᠢᠮᠳᠠᠨ ᠰᠤᠷᠤᠯᠴᠠᠵᠤ ᠦᠨᠡᠨᠴᠢ ᠰᠢᠳᠤᠷᠭᠤ ᠪᠠᠷ ᠠᠵᠢᠯᠯᠠᠵᠤ ᠪᠣᠳᠠᠲᠠᠢ ᠠᠵᠢᠯᠯᠠᠬᠤ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠲᠡᠮᠡᠴᠡᠯ ᠪᠠ ᠬᠠᠷᠢᠭᠤᠴᠠᠯᠭ᠎ᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃                                                 ᠨᠠᠶᠢᠷᠠᠭᠤᠯᠤᠭᠴᠢ᠄  ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2