ᠮᠠᠨ ᠤ ᠰᠢᠶᠠᠨ ᠤ ᠬᠡᠰᠡᠭ ᠪᠠᠶᠢᠭᠤᠯᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/7/30
  7 ᠰᠠᠷ᠎ᠠ ᠶᠢᠨ 28 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠬᠢᠪᠡ᠃ ᠰᠢᠶᠠᠨ ᠤ ᠨᠠᠮ ᠤᠨ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠲᠣᠭᠤᠷᠢᠨ ᠰᠣᠨᠣᠰᠬᠤ ᠠᠵᠢᠯ ᠤᠨ ᠳᠤᠭᠤᠶᠢᠯᠠᠩ ᠲᠣᠭᠤᠷᠢᠨ ᠰᠣᠨᠣᠰᠬᠤ ᠳᠤ ᠣᠷᠣᠯᠴᠠᠪᠠ᠃
        ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠶᠡᠷᠦᠩᠬᠡᠶ ᠱᠦᠵᠢ ᠰᠢ ᠶᠢᠨ ᠫᠢᠩ ‍ᠤᠨ‌ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠲᠣᠭᠲᠠᠭᠠᠯ ᠢ ᠰᠤᠷᠤᠯᠴᠠᠪᠠ᠃ ᠬᠤᠷᠠᠯ ᠠᠴᠠ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠦᠨᠳᠦᠷᠴᠡ ᠶᠢ ᠪᠡᠶᠡᠯᠡᠭᠦᠯᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠤᠨᠤᠯ ᠤᠨ ᠰᠤᠷᠤᠯᠴᠠᠯᠭ᠎ᠠ ᠶᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠬᠦ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠤᠳᠤᠯᠢᠶᠠᠨᠲᠠᠢ ᠪᠠᠶᠢᠳᠠᠯ ᠢ ᠡᠵᠡᠮᠳᠡᠬᠦ ᠴᠢᠳᠠᠪᠤᠷᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
        ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢ ᠰᠢ ᠶᠢᠨ ᠫᠢᠩ ᠶᠡᠷᠦᠩᠬᠡᠶ ᠱᠦᠵᠢ ᠶᠢᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠵᠣᠷᠢᠭ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ ᠶᠢ  ᠰᠤᠷᠤᠯᠴᠠᠪᠠ
        ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠶ᠎ᠠ︾ ᠭᠡᠬᠦ ᠭᠤᠣᠯ ᠰᠡᠳᠦᠪ ᠢᠶᠠᠷ ᠲᠥᠪᠯᠡᠷᠡᠭᠦᠯᠦᠨ ᠰᠤᠷᠤᠯᠴᠠᠭᠰᠠᠨ ᠪᠥᠭᠡᠳ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠥᠷᠨᠢᠭᠦᠯᠪᠡ᠃ ᠤᠯᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠶᠠᠷᠢᠵᠤ᠂ ᠰᠤᠷᠤᠯᠴᠠᠭᠰᠠᠨ ᠣᠶᠢᠯᠠᠭᠠᠯᠲᠠ ᠪᠠᠨ ᠶᠠᠷᠢᠵᠤ᠂ ᠠᠵᠢᠯ ᠤᠨ ᠠᠷᠭ᠎ᠠ ᠬᠡᠮᠵᠢᠶ᠎ᠡ ᠪᠠᠨ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠦᠵᠡᠯ ᠰᠠᠨᠠᠭᠠᠨ ᠤ ᠤᠬᠠᠮᠰᠠᠷᠲᠤ ᠴᠢᠨᠠᠷ ᠪᠠ ᠤᠯᠤᠰ ᠲᠦᠷᠦ ᠶᠢᠨ ᠡᠷᠡᠰ ᠪᠠᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2