ᠮᠠᠶᠢᠬᠤᠳᠤ ᠪᠠᠯᠭᠠᠰᠤ ᠶᠢᠨ ᠶᠢᠨ ᠰᠢᠩ ᠲᠣᠰᠬᠤᠨ ᠤ ᠨᠠᠮ ᠤᠨ ᠡᠭᠦᠷ᠄ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2023/7/4
 ᠮᠠᠶᠢᠬᠤᠲᠤ ᠪᠠᠯᠭᠠᠰᠤᠨ ᠤ ᠶᠢᠨ ᠰᠢᠩ ᠲᠣᠰᠬᠤᠨ ᠤ ᠨᠠᠮ ᠤᠨ ᠡᠭᠦᠷ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠡᠯᠪᠡᠷᠢ ᠶᠢ ᠢᠳᠡᠪᠬᠢᠲᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ᠃
      ᠮᠠᠶᠢᠬᠤᠳᠤ ᠪᠠᠯᠭᠠᠰᠤ ᠶᠢᠨ ᠶᠢᠨ ᠰᠢᠩ ᠲᠣᠰᠬᠤᠨ ᠤ ᠨᠠᠮ ᠤᠨ ᠡᠭᠦᠷ ᠤᠨ ᠬᠦᠷᠢᠶᠡᠨ ᠳᠤ ᠣᠷᠣᠬᠤ ᠳᠤ᠂ ᠴᠣ᠋ ᠰᠢᠨ᠎ᠡ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠰᠠᠮᠪᠠᠷ᠎ᠠ ᠨᠤᠭᠤᠳ ᠡᠩ ᠲᠡᠷᠢᠭᠦᠨ ᠳᠤ ᠬᠥᠮᠦᠰ ᠤᠨ ᠠᠩᠬᠠᠷᠤᠯ ᠢ ᠲᠠᠲᠠᠵᠤ᠂ ᠶᠢᠨ ᠰᠢᠩ ᠲᠣᠰᠬᠤᠨ ᠤ ᠬᠢᠨ ᠡᠯ᠎ᠡ ᠵᠦᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠡᠮᠵᠢᠶᠡᠵᠢᠭᠦᠯᠦᠨ ᠨᠠᠷᠢᠯᠢᠬᠵᠢᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ᠂ ᠲᠣᠰᠬᠤᠨ ᠤ ᠲᠦᠷᠢᠮ ᠠᠷᠠᠳ ᠤᠨ ᠭᠡᠷ᠎ᠡ ᠵᠡᠷᠭᠡ ᠡᠳᠦᠷ ᠲᠤᠳᠤᠮ ᠤᠨ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠣᠶᠢᠯᠠᠭᠠᠬᠤ ᠳᠤᠷᠠᠲᠠᠢ ᠠᠭᠤᠯᠭ᠎ᠠ ᠶᠢ ᠤᠬᠠᠭᠤᠯᠭ᠎ᠠ ᠶᠢᠨ ᠰᠠᠮᠪᠠᠷ᠎ᠠ ᠳᠤ ᠨᠡᠶᠢᠲᠡᠯᠡᠵᠦ᠂ ᠤᠯᠠᠨ ᠲᠦᠮᠡᠨ ᠢ ᠤᠬᠠᠭᠤᠯᠵᠤ ᠬᠦᠳᠦᠯᠦᠨ ᠵᠢᠯᠣᠭᠤᠳᠬᠤ ᠦᠢᠯᠡᠳᠦᠯ ᠢᠶᠠᠨ ᠦᠨᠡᠨᠬᠦ ᠪᠠᠳᠠᠷᠠᠭᠤᠯᠤᠭᠰᠠᠨ ᠪᠠᠶᠢᠨ᠎ᠠ᠃
         ᠲᠣᠰᠬᠤᠨ ᠤ ᠨᠠᠮ ᠤᠨ ᠡᠭᠦᠷ ᠲᠣᠰᠬᠤᠨ ᠤ ᠠᠷᠠᠳ ᠤᠨ ᠬᠡᠪ ᠴᠢᠨᠠᠷ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠣᠬᠢᠷᠠᠭᠤᠯᠤᠭᠰᠠᠨ ᠨᠣᠮ ᠪᠢᠴᠢᠭ ᠤᠨ ᠲᠦᠷᠦᠯ ᠵᠦᠢᠯ ᠨᠢ ᠪᠦᠷᠢᠨ ᠭᠦᠢᠴᠡᠳ ᠪᠠᠶᠢᠵᠤ᠂ ᠠᠮᠢᠳᠤᠷᠠᠯ ᠤᠨ ᠲᠦᠷᠦᠯ᠂ ᠰᠣᠶᠣᠯ ᠤᠨ ᠲᠦᠷᠦᠯ᠂ ᠪᠠᠭᠠᠴᠤᠳ ᠬᠡᠦᠬᠡᠳ ᠤᠨ ᠲᠦᠷᠦᠯ ᠵᠡᠷᠭᠡ ᠪᠠᠶᠢᠵᠤ᠂ ᠪᠠᠰᠠ ᠲᠤᠰᠬᠠᠶᠢᠯᠠᠨ ᠨᠠᠮ ᠤᠨ ᠲᠡᠦᠬᠡ ᠶᠢᠨ ᠲᠦᠷᠦᠯ ᠤᠨ ᠨᠣᠮ ᠪᠢᠴᠢᠭ ᠢ ᠨᠡᠮᠡᠨ ᠪᠠᠶᠢᠭᠤᠯᠪᠠ᠃ ᠰᠤᠯᠠ ᠰᠡᠯᠡᠭᠦᠦ ᠴᠠᠭ ᠲᠤ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠲᠣᠭᠤᠷᠢᠨ ᠰᠠᠭᠤᠵᠤ᠂ ᠬᠤᠪᠢᠰᠬᠠᠯ ᠤᠨ ᠰᠣᠩᠭᠤᠳᠠᠭ ᠦᠯᠢᠭᠡᠷ ᠢ ᠲᠠᠬᠢᠨ ᠤᠩᠰᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢ ᠲᠠᠬᠢᠨ ᠡᠷᠭᠢᠴᠡᠭᠦᠯᠵᠦ᠂ ᠨᠠᠮ ᠤᠨ ᠵᠠᠭᠤᠨ ᠵᠢᠯ ᠤᠨ ᠲᠡᠦᠬᠡ ᠠᠴᠠ ᠡᠷᠡᠯᠬᠡᠭᠯᠡᠨ ᠤᠷᠤᠭᠰᠢᠯᠠᠬᠤ ᠴᠥᠬᠦᠷᠡᠰᠢ ᠦᠭᠡᠢ ᠬᠦᠴᠦᠨ ᠴᠢᠳᠠᠯ ᠢ ᠰᠢᠩᠭᠡᠭᠡᠨ ᠠᠪᠤᠪᠠ᠃ ︽ᠮᠠᠨ ᠤ ᠶᠢᠨ ᠰᠢᠩ ᠨᠠᠮ ᠤᠨ ᠡᠭᠦᠷ ᠰᠢᠯᠢᠳᠡᠭ ᠰᠠᠶᠢᠨ ᠨᠠᠮ ᠤᠨ ᠪᠠᠶᠢᠭᠤᠯᠤᠯᠲᠠ ᠶᠢᠨ ᠤᠨᠤᠯ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠡᠯ᠎ᠡ ᠲᠣᠰᠬᠤᠨ ᠤ ᠭᠤᠣᠯᠯᠠᠭᠴᠢ ᠠᠵᠤ ᠦᠢᠯᠡᠰ ᠪᠣᠯᠤᠨ ᠬᠦᠷᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠠᠮᠤᠭ ᠤᠨ ᠬᠦᠴᠦᠷᠬᠡᠭ ᠨᠠᠮ ᠤᠨ ᠡᠭᠦᠷ ᠢ ᠪᠠᠶᠢᠭᠤᠯᠵᠤ᠂ ᠤᠨᠴᠠᠯᠢᠬᠳᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠡᠢ︾᠃ ᠮᠠᠶᠢᠬᠤᠳᠤ ᠪᠠᠯᠭᠠᠰᠤ ᠶᠢᠨ ᠶᠢᠨ ᠰᠢᠩ ᠶᠡᠭᠡ ᠠᠩᠬᠢ ᠶᠢᠨ ᠨᠠᠮ ᠤᠨ ᠡᠭᠦᠷ ᠤᠨ ᠱᠦᠵᠢ ᠰᠦᠨ ᡁᠢ ᠯᠢᠨ ᠰᠤᠷᠪᠤᠯᠵᠢᠯᠠᠭᠴᠢ ᠳᠤ ᠬᠡᠯᠡᠪᠡ᠃
       ᠤᠢᠢᠷ᠎ᠠ ᠶᠢᠨ ᠵᠢᠯ ᠠᠴᠠ᠂ ᠶᠢᠨ ᠰᠢᠩ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠪᠠᠷ᠂ ᠶᠢᠨ ᠰᠢᠩ ᠲᠣᠰᠬᠤᠨ ᠤ ᠡᠯ᠎ᠡ ᠵᠦᠢᠯ ᠤᠨ ᠦᠢᠯᠡᠰ ᠲᠣᠭᠲᠠᠭᠤᠨ ᠢᠶᠠᠷ ᠬᠥᠭᠵᠢᠵᠦ᠂ ᠲᠣᠰᠬᠤᠨ ᠤ ᠳᠦᠷᠰᠦ ᠪᠠᠶᠢᠳᠠᠯ ᠮᠠᠰᠢ ᠶᠡᠭᠡ ᠬᠤᠪᠢᠷᠠᠯᠲᠠ ᠲᠠᠢ ᠪᠤᠯᠵᠤ᠂ ᠲᠣᠰᠬᠤᠨ ᠤ ᠬᠠᠮᠲᠤ ᠶᠢᠨ ᠠᠵᠤ ᠦᠢᠯᠡᠰ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠮᠡᠳᠡᠭᠳᠡᠮ᠎ᠡ ᠨᠡᠮᠡᠭᠳᠡᠵᠦ᠂ ᠡᠳᠦᠷ ᠠᠴᠠ ᠡᠳᠦᠷ ᠥᠭᠡᠳᠡᠯᠡᠨ ᠬᠥᠭᠵᠢᠵᠦ ᠪᠠᠶᠢᠨ᠎ᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2