ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠥᠨᠥᠳᠦᠷ ᠤᠨ ᠬᠤᠷᠠᠯᠳᠤᠭᠤᠯᠤᠭᠰᠠᠨ ᠪᠦᠬᠦ ᠰᠢᠶᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ | ᠦᠵᠡᠭᠦᠯᠦᠯᠭᠡ ᠶᠢᠨ ᠬᠤᠷᠠᠯ ᠳᠡᠭᠡᠷ᠎ᠡ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ | ᠦᠨᠳᠦᠰᠦᠨ ᠱᠠᠲᠤᠨ ᠤ ᠵᠠᠰᠠᠯᠲᠠ ᠶᠢᠨ ᠡᠳᠦᠷ ᠳᠤᠳᠤᠮ ᠤᠨ ᠠᠵᠢᠯ ᠳᠤ ᠦᠨᠡᠨᠬᠦ ᠠᠭᠤᠰᠤᠯᠴᠠᠭᠤᠯᠵᠤ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠡᠯ᠎ᠡ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠶᠢᠨ ᠳᠤᠷ᠎ᠠ ᠶᠢᠨ | ᠤᠶᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠢᠯᠠᠰ ᠴᠡᠭ ᠢ ᠡᠭᠦᠳᠬᠦ ᠪᠠ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠠᠩᠬᠠᠷᠤᠯ ᠵᠶ᠋ᠠᠨᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠢ | ᠰᠠᠶᠢᠲᠤᠷ ᠬᠠᠮᠢᠶᠠᠷᠴᠤ᠂ ᠰᠠᠶᠢᠲᠤᠷ ᠠᠵᠢᠯᠯᠠᠭᠤᠯᠵᠤ᠂ ᠣᠲᠣ ᠶᠢᠨ ᠪᠠᠶᠢᠭ᠎ᠠ ᠡᠬᠢ ᠪᠠᠶᠠᠯᠢᠭ ᠪᠠ ᠲᠠᠯᠠᠪᠤᠷ ᠭᠠᠵᠠᠷ ᠢ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠰᠢᠭᠯᠠᠵᠤ᠂ ᠲᠣᠰᠬᠤᠨ ᠤ ᠠᠷᠠᠳ ᠤᠨ ᠣᠷᠣᠯᠴᠠᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠠᠵᠢᠯᠯᠠᠭ᠎ᠠ ᠪᠠᠷ ᠢᠶᠠᠨ ᠬᠤᠷᠠᠮᠳᠤᠯ | ᠬᠤᠪᠢ ᠶᠢ ᠰᠣᠯᠢᠬᠤ᠂ ᠬᠤᠷᠠᠮᠳᠤᠯ ᠬᠤᠪᠢ ᠪᠠᠷ ᠰᠢᠨ᠎ᠡ ᠬᠡᠪ ᠰᠤᠷᠲᠠᠯ ᠢ ᠪᠣᠶ ᠪᠣᠯᠭᠠᠬᠤ ᠰᠠᠶᠢᠨ ᠰᠠᠶᠢᠬᠠᠨ ᠪᠠᠶᠢᠳᠠᠯ ᠢ | ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ | | | | | | 7 ᠰᠠᠷ᠎ᠠ ᠶᠢᠨ 3 ᠤ ᠡᠳᠦᠷ᠂ ᠪᠥᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠲᠠᠭ᠎ᠠ ᠶᠢᠨ ᠨᠠᠭᠤᠷ ᠪᠠᠯᠭᠠᠰᠤᠨ ᠤ ᠶᠤᠸᠠᠨ | ᠱᠠᠨ ᠽᠢ ᠲᠣᠰᠬᠤᠨ ᠤ ᠠᠷᠠᠳ ᠤᠨ ᠵᠥᠪᠯᠡᠯ ᠳᠤ ᠬᠤᠷᠠᠯᠳᠤᠪᠠ᠃ ᠬᠤᠷᠠᠯ ᠳᠤ ᠣᠷᠣᠯᠴᠠᠭᠰᠠᠳ ᠲᠠᠶᠢᠬᠠᠢ | ᠪᠠᠯᠭᠠᠰᠤ ᠶᠢᠨ ᠶᠤᠸᠠᠨ ᠱᠠᠨ ᠽᠢ ᠲᠣᠰᠬᠤᠨ ᠤ ᠠᠷᠠᠳ ᠤᠨ ᠵᠥᠪᠯᠡᠯ ᠳᠤ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠦᠷᠳᠡᠭᠡ ᠶᠢᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ᠂ ︽ᠲᠣᠰᠬᠤᠨ | ᠪᠣᠯᠭᠠᠨ ᠳᠤ ᠪᠦᠷᠢᠶ᠎ᠡ ᠪᠠᠨ ᠬᠠᠩᠭᠢᠨᠠᠭᠤᠯᠬᠤ︾ ᠨᠡᠪᠲᠡᠷᠡᠭᠦᠯᠭᠡ᠂ ︽ᠪᠦᠯᠬᠦᠮᠳᠡᠯ ᠬᠡᠳᠦ ᠳᠡᠯᠭᠡᠭᠦᠷ︾ ᠤᠨ ᠠᠵᠢᠯᠯᠠᠭ᠎ᠠ | ᠂ ︽ᠲᠦᠷᠪᠡᠨ ᠬᠠᠭᠤᠳᠠᠰᠤ ᠶᠢᠨ ᠵᠠᠭᠪᠤᠷ︾ ᠤᠨ ᠦᠢᠯᠡᠴᠢᠯᠡᠭᠡ᠂ ᠪᠦᠬᠦ ᠵᠢᠯ ᠤᠨ ᠠᠵᠢᠯᠯᠠᠭ᠎ᠠ ᠶᠢᠨ ᠲᠥᠯᠥᠪᠯᠡᠭᠡ | ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠥᠷᠨᠢᠭᠦᠯᠬᠦ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | ᠲᠠᠶᠢᠯᠤᠮᠵᠢ ᠶᠢ ᠰᠣᠨᠣᠰᠬᠤ᠂ ᠮᠠᠲ᠋ᠧᠷᠢᠶᠠᠯ ᠦᠵᠡᠬᠦ᠂ ᠤᠬᠠᠭᠤᠯᠭ᠎ᠠ ᠶᠢᠨ ᠹᠢᠯᠢᠮ ᠢ ᠦᠵᠡᠬᠦ ᠠᠷᠭ᠎ᠠ ᠪᠠᠷ ᠲᠠᠭ᠎ᠠ ᠶᠢᠨ | ᠨᠠᠭᠤᠷ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠠᠷᠭ᠎ᠠ ᠬᠡᠯᠪᠡᠷᠢ᠂ | ᠠᠭᠤᠯᠭ᠎ᠠ ᠪᠣᠯᠤᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠬᠤᠷᠠᠯ ᠳᠤ ᠣᠷᠣᠯᠴᠠᠭᠰᠠᠳ ᠤᠨ ᠬᠥᠨᠳᠡᠯᠡᠨ | ᠬᠠᠷᠢᠴᠠᠭᠤᠯᠤᠯ ᠤᠨ ᠳᠤᠮᠳᠠ ᠵᠦᠷᠢᠶ᠎ᠡ ᠪᠠᠨ ᠡᠷᠢᠵᠦ᠂ ᠲᠤᠷᠰᠢᠯᠭ᠎ᠠ ᠰᠤᠷᠤᠯᠴᠠᠬᠤ ᠶᠢ ᠵᠣᠷᠢᠭᠵᠢᠭᠤᠯᠪᠠ᠃ | | | | | ᠯᠢᠦ ᠶᠢᠨ ᠲᠤᠤ᠂ ᠡᠯ᠎ᠡ ᠰᠢᠶᠠᠩ ᠪᠠᠯᠭᠠᠰᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ | ᠲᠤᠰ ᠤᠨ ᠠᠵᠢᠯ ᠲᠦᠷᠦᠯ ᠤᠨ ᠳᠠᠪᠠᠭᠤᠯᠢᠭ᠂ ᠣᠷᠣᠨ ᠪᠦᠰᠡ ᠶᠢᠨ ᠳᠠᠪᠠᠭᠤᠯᠢᠭ᠂ ᠰᠣᠶᠣᠯ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠰᠤᠷᠤᠯᠴᠠᠵᠦ ᠲᠤᠯᠢ ᠪᠣᠯᠭᠠᠭᠰᠠᠨ ᠰᠠᠭᠤᠷᠢᠨ ᠳᠡᠭᠡᠷ᠎ᠡ᠂ ᠪᠠᠶᠠᠯᠢᠭ ᠰᠠᠶᠢᠬᠠᠨ᠂ ᠥᠪᠡᠷ | ᠥᠪᠡᠷ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ | ᠬᠡᠷᠡᠭᠲᠡᠢ᠃ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠲᠥᠭᠡᠨ ᠪᠠᠶᠢᠭᠤᠯᠬᠤ | ᠪᠠᠷᠢᠮᠵᠢᠶ᠎ᠠ ᠶᠣᠰᠣᠭᠠᠷ ᠴᠢᠬᠤᠯᠠ ᠪᠥᠬᠦᠶ ᠲᠠᠯᠠᠪᠤᠷ᠂ ᠲᠥᠬᠦᠭᠡᠷᠦᠮᠵᠢ᠂ ᠤᠬᠠᠭᠤᠯᠭ᠎ᠠ ᠶᠢᠨ ᠪᠤᠯᠤᠩ ᠵᠡᠷᠭᠡ ᠶᠢ | ᠳᠣᠭᠢᠷᠠᠭᠤᠯᠬᠤ ᠬᠡᠷᠡᠭᠲᠡᠶ᠃ ᠪᠣᠯᠪᠠᠰᠤᠨ ᠦᠢᠯᠡᠳᠦᠯᠭᠡ ᠶᠢᠨ ᠷᠠᠳᠢᠣ᠋ ᠨᠡᠪᠲᠡᠷᠡᠭᠦᠯᠭᠡ ᠶᠢ ᠰᠠᠶᠢᠲᠤᠷ ᠠᠰᠢᠭᠯᠠᠵᠤ᠂ | ᠪᠦᠷᠢᠶ᠎ᠡ ᠶᠢ ᠠᠷᠠᠳ ᠤᠯᠠᠨ ᠤ ᠮᠡᠳᠡᠭᠡ ᠵᠠᠩᠭᠢ ᠶᠢ ᠬᠢᠯᠪᠠᠷᠬᠠᠨ ᠢᠶᠠᠷ ᠬᠦᠯᠢᠶᠡᠨ ᠠᠪᠬᠤ ᠭᠤᠣᠯ ᠠᠷᠭ᠎ᠠ ᠵᠠᠮ ᠪᠣᠯᠭᠠᠵᠤ | ᠂ ᠴᠠᠭ ᠲᠤᠬᠠᠢ ᠳᠤᠨᠢ ᠨᠡᠪᠲᠡᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠨᠡᠪᠲᠡᠷᠡᠭᠦᠯᠬᠦ ᠠᠭᠤᠯᠭ᠎ᠠ ᠶᠢ ᠴᠢᠩᠭ᠎ᠠ ᠠᠳᠬᠤᠵᠤ | ᠂ ᠭᠤᠣᠯᠳᠠᠯᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠲᠠᠷᠢᠶᠠᠴᠢᠳ ᠲᠤ ᠠᠰᠢᠭ | ᠬᠦᠷᠲᠡᠭᠡᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠢ ᠤᠶᠠᠯᠳᠤᠭᠤᠯᠬᠤ ᠶᠢᠨ ᠬᠠᠮᠲᠤ | ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠶ ᠠᠭᠤᠯᠭ᠎ᠠ ᠶᠢ ᠢᠯᠡᠭᠦᠬᠡᠨ ᠨᠡᠪᠲᠡᠷᠡᠭᠦᠯᠵᠦ᠂ ᠠᠷᠠᠳ ᠤᠯᠠᠨ ᠤ | ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠦᠭᠡᠢ ᠪᠠᠰᠠ ᠰᠣᠶᠣᠯ ᠢ | ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠭᠡᠷ ᠣᠷᠣᠨ ᠢ | ᠪᠠᠶᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠬᠡᠷᠡᠭᠲᠡᠶ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠷᠧᠨ ᠳ᠋ᠦᠩ | ᠮᠢᠩ ᠣᠷᠣᠯᠴᠠᠪᠠ᠃ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠲᠥᠪ ᠤᠨ ᠬᠠᠷᠢᠭᠤᠴᠠᠯᠭᠠᠲᠠᠨ ᠵᠢᠴᠢ ᠡᠯ᠎ᠡ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠤᠨ ᠳᠠᠷᠤᠭ᠎ᠠ᠂ ᠤᠬᠠᠭᠤᠯᠬᠤ ᠭᠡᠰᠢᠭᠦᠨ᠂ ᠬᠡᠰᠡᠭ ᠰᠢᠶᠠᠩ ᠪᠠᠯᠭᠠᠰᠤᠨ ᠤ ᠲᠣᠰᠬᠤᠨ ᠤ | ᠦᠢᠯᠡᠳᠦᠯᠭᠡ ᠶᠢᠨ ᠥᠷᠲᠡᠭᠡᠨ ᠤ ᠳᠠᠷᠤᠭ᠎ᠠ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |