ᠮᠠᠨ ᠤ ᠰᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠵᠢᠴᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ  ᠳᠤᠭᠤᠯᠠᠭ᠎ᠠ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/6
  ᠥᠷᠭᠡᠨ ᠤᠯᠠᠨ ᠪᠠᠭᠰᠢ ᠰᠤᠷᠤᠭᠴᠢ ᠪᠣᠯᠤᠨ ᠭᠡᠷ ᠤᠨ ᠠᠬᠠᠮᠠᠳ ᠢ ᠬᠦᠳᠦᠯᠦᠨ ᠵᠢᠯᠣᠭᠤᠳᠴᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠬᠠᠶᠢᠷ᠎ᠠ ᠬᠠᠯᠠᠮᠵᠢ ᠬᠦᠷᠳᠡᠭᠴᠢ — ᠰᠢᠨ ᠯᠸᠢ ᠰᠧᠨ ᠭᠡᠷ ᠭᠠᠵᠠᠷ ᠤᠨ ᠬᠦᠷᠦᠩᠭᠡ ᠶᠢᠨ ᠬᠢᠵᠠᠭᠠᠷᠲᠤ ᠺᠣᠮᠫᠠᠨᠢ ᠶᠢᠨ ᠵᠢᠨᠢᠩ ᠤᠨ ᠢᠦᠢ ᠰᠢᠤ ᠶᠤᠸᠠᠨ ᠴᠡᠴᠡᠷᠯᠢᠭ ᠤᠨ ᠬᠠᠷᠢᠭᠤᠴᠠᠯᠭᠠᠲᠠᠨ ᠵᠤᠤ ᠶᠦᠩ ᠹᠸᠢ ᠯᠢᠶᠠᠩᠴᠧᠩ  ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠠᠮᠤᠷ ᠲᠦᠪᠰᠢᠨ ᠤ ᠳᠤᠭᠤᠯᠠᠭ᠎ᠠ ᠬᠠᠨᠳᠢᠪᠯᠠᠬᠤ ᠶᠣᠰᠣᠯᠠᠯ ᠶᠠᠪᠤᠭᠤᠯᠵᠠᠢ᠃
      ᠶᠣᠰᠣᠯᠠᠯ ᠳᠡᠭᠡᠷ᠎ᠡ᠂ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠠᠴᠠ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ︽ᠬᠠᠷᠠᠮ ᠦᠭᠡᠢ ᠬᠠᠪᠰᠤᠷᠤᠯᠴᠠᠨ ᠤᠳᠤ ᠦᠶ᠎ᠡ ᠳᠤ ᠭᠠᠪᠢᠶ᠎ᠠ ᠪᠠᠶᠢᠭᠤᠯᠬᠤ︾ ᠬᠡᠮᠡᠷᠯᠢᠭ ᠲᠤᠭ ᠬᠦᠷᠭᠡᠵᠦ᠂ ᠯᠢᠶᠠᠩᠴᠧᠩ  ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠠᠴᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠳᠤ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠪᠣᠯᠪᠠᠰᠤᠨ ᠵᠠᠮ ᠬᠠᠷᠢᠯᠴᠠᠭ᠎ᠠ ᠶᠢ ᠡᠭᠦᠳᠦᠨ ᠪᠠᠶᠢᠭᠤᠯᠬᠤ︾ ᠬᠡᠮᠡᠷᠯᠢᠭ ᠲᠤᠭ ᠬᠦᠷᠭᠡᠪᠡ᠃ ᠳᠠᠷᠠᠭ᠎ᠠ ᠨᠢ᠂ ᠪᠠᠭᠰᠢ ᠪᠣᠯᠤᠨ ᠬᠤᠷᠠᠯ ᠳᠤ ᠣᠷᠣᠯᠴᠠᠭᠰᠠᠨ ᠭᠡᠷ ᠤᠨ ᠠᠬᠠᠮᠠᠳ ᠲᠤ ᠠᠮᠤᠷ ᠲᠦᠪᠰᠢᠨ ᠤ ᠳᠤᠭᠤᠯᠠᠭ᠎ᠠ ᠲᠦᠭᠡᠭᠡᠵᠦ᠂ ᠰᠤᠷᠤᠭᠴᠢᠳ ᠲᠤ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠩᠰᠢᠬᠤ ᠪᠢᠴᠢᠭ︾ ᠣᠯᠭᠤᠵᠤ᠂ ᠰᠤᠷᠤᠭᠴᠢᠳ ᠢ ᠵᠠᠮ ᠬᠠᠷᠢᠯᠴᠠᠭᠠᠨ ᠤ ᠲᠦᠷᠢᠮ ᠢ ᠵᠢᠷᠤᠮᠯᠠᠵᠤ᠂ ᠪᠣᠯᠪᠠᠰᠤᠨ ᠢᠶᠠᠷ ᠬᠠᠤᠯᠢ ᠶᠢ ᠰᠠᠬᠢᠳᠠᠭ ᠰᠠᠶᠢᠨ ᠰᠤᠷᠤᠭᠴᠢ ᠪᠣᠯᠬᠤ ᠶᠢ ᠬᠦᠳᠦᠯᠦᠨ ᠵᠢᠯᠣᠭᠤᠳᠪᠠ᠃
   ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 820 ᠳᠤᠭᠤᠯᠠᠭ᠎ᠠ ᠲᠠᠷᠬᠠᠭᠠᠵᠤ᠂ ᠥᠷᠭᠡᠨ ᠣᠯᠠᠨ ᠲᠦᠮᠡᠨ ᠤ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠯᠠᠭ᠎ᠠ ᠳᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠴᠢᠶᠣᠤ ᠰᠢᠤᠸᠠᠢ ᠳ᠋ᠦᠩ ᠬᠡᠯᠡᠬᠦ ᠳᠡᠭᠡᠨ᠄ ︽ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ ᠢᠶᠠᠷ ᠶᠠᠪᠤᠵᠤ᠂ ᠢᠯᠠᠩᠭᠤᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠰᠠᠭᠤᠬᠤ ᠳᠠᠭᠠᠨ ᠠᠮᠤᠷ ᠲᠦᠪᠰᠢᠨ ᠤ ᠳᠤᠭᠤᠯᠠᠭ᠎ᠠ ᠵᠡᠭᠦᠵᠦ᠂ ᠠᠮᠤᠷ ᠲᠦᠪᠰᠢᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ︾ ᠭᠡᠵᠡᠶ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2