ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ ᠢᠯᠡᠭᠡᠭᠰᠡᠨ‌ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2023/7/6
ᠬᠦᠨᠳᠦᠲᠦ ᠰᠠᠭᠤᠭᠠᠯᠢ ᠠᠷᠠᠳ ᠤᠳ ᠠ᠄    ᠰᠠᠶᠢᠨ  ᠤᠤ︕    ᠮᠠᠨ ᠤ ᠰᠢᠶᠠᠨ ᠨᠢᠭᠡᠨᠲᠡ 2023 ᠣᠨ ᠤ ᠦᠶᠡᠷ ᠤᠨ ᠬᠤᠭᠤᠴᠠᠭᠠᠨ ᠳᠤ ᠣᠷᠣᠵᠤ᠂ ᠲᠦᠢᠯ ᠤᠨ ᠶᠡᠭᠡ ᠴᠠᠭ ᠠᠭᠤᠷ ᠪᠠ ᠣᠬᠤᠷᠬᠠᠨ ᠴᠠᠭ ᠤᠨ ᠰᠢᠷᠦᠭᠦᠨ ᠪᠣᠷᠣᠭᠠᠨ ᠣᠷᠣᠵᠤ᠂ ᠠᠭᠤᠯᠠᠨ ᠦᠶᠡᠷ᠂ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠢ ᠠᠮᠠᠷᠬᠠᠨ ᠡᠭᠦᠰᠭᠡᠵᠦ ᠮᠡᠳᠡᠨ᠎ᠠ᠃ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠣᠨ ᠤ ᠤᠯᠠᠷᠢᠯ ᠤᠨ ᠠᠮᠤᠷ ᠲᠦᠪᠰᠢᠨ ᠤ ᠠᠵᠢᠯ ᠢ ᠦᠨᠡᠨ ᠬᠦ ᠴᠢᠩᠭᠠᠳᠬᠠᠵᠤ᠂ ᠤᠰᠤᠨ ᠳᠤ ᠵᠢᠪᠴᠦ ᠥᠭᠦᠵᠦ ᠰᠢᠷᠬᠠᠲᠤᠬᠤ ᠵᠡᠷᠭᠡ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠯᠢᠶᠠᠩᠴᠧᠩ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠲᠠᠨ ᠳᠤ ᠰᠠᠨᠠᠭᠤᠯᠬᠤ ᠨᠢ᠄    ᠨᠢᠭᠡ᠂ ᠰᠢᠶᠠᠨ ᠤ ᠬᠡᠪᠴᠢᠶᠡᠨ ᠳᠠᠬᠢ ᠡᠯ᠎ᠡ ᠤᠰᠤᠨ ᠴᠥᠭᠦᠷᠥᠮ᠂ ᠭᠤᠣᠯ ᠤᠨ ᠵᠠᠮ᠂ ᠨᠠᠭᠤᠷ ᠴᠥᠭᠦᠷᠥᠮ ᠵᠡᠷᠭᠡ ᠬᠡᠭᠡᠷ᠎ᠡ ᠲᠠᠯ᠎ᠠ ᠶᠢᠨ ᠤᠰᠤᠨ ᠣᠷᠣᠨ ᠳᠤ ᠴᠥᠮ ᠤᠰᠤᠨ ᠳᠤ ᠤᠮᠪᠠᠭ᠋ᠤ᠂ ᠵᠢᠭᠠᠰᠤ ᠭᠥᠬᠢᠳᠡᠬᠦ ᠵᠡᠷᠭᠡ ᠠᠵᠢᠯᠯᠠᠭ᠎ᠠ ᠳᠤ ᠱᠠᠭᠠᠷᠳᠠᠭᠳᠠᠬᠤ ᠠᠮᠤᠷ ᠲᠦᠪᠰᠢᠨ ᠤ ᠨᠥᠬᠦᠴᠡᠯ ᠢ ᠪᠦᠷᠢᠯᠳᠦᠭᠦᠯᠦᠭᠰᠡᠨ ᠦᠭᠡᠢ᠂ ᠮᠠᠰᠢ ᠶᠡᠭᠡ ᠠᠶᠤᠯ ᠲᠦᠭᠰᠢᠭᠦᠷᠢᠲᠦ ᠴᠢᠨᠠᠷ ᠲᠠᠢ ᠪᠠᠶᠢᠳᠠᠭ᠂ ᠶᠠᠮᠠᠷᠪᠠ ᠬᠥᠮᠦᠨ ᠪᠠ ᠶᠠᠮᠠᠷᠪᠠ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠳᠤᠷᠠᠳᠤᠭᠰᠠᠨ ᠣᠷᠣᠨ ᠳᠤ ᠣᠴᠢᠵᠤ ᠤᠰᠤᠨ ᠳᠤ ᠤᠮᠪᠠᠭ᠋ᠤ᠂ ᠵᠤᠭᠠᠴᠠᠨ ᠨᠠᠭᠠᠳᠬᠤ᠂ ᠵᠢᠭᠠᠰᠤ ᠭᠥᠬᠢᠳᠡᠬᠦ ᠵᠡᠷᠭᠡ ᠠᠶᠤᠯ ᠲᠦᠭᠰᠢᠭᠦᠷᠢᠲᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃    ᠬᠤᠶᠠᠷ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠤᠰᠤᠨ ᠳᠤ ᠬᠤᠯᠪᠣᠭᠳᠠᠬᠤ ᠠᠶᠤᠯᠲᠠᠶ ᠣᠷᠣᠨ ᠳᠤ ᠲᠡᠷᠭᠡ ᠵᠣᠭᠰᠣᠭᠠᠬᠤ ᠪᠠ ᠬᠠᠤᠯᠢ ᠶᠢ ᠵᠥᠷᠢᠴᠡᠨ ᠲᠦᠷ ᠴᠠᠭ ᠤᠨ ᠪᠡᠯᠡᠳᠬᠡᠮᠵᠢ᠂ ᠲᠥᠬᠦᠭᠡᠷᠦᠮᠵᠢ ᠪᠠᠶᠢᠭᠤᠯᠬᠤ ᠶᠢ ᠴᠠᠭᠠᠵᠠᠯᠠᠨ᠎ᠠ᠃    ᠭᠤᠷᠪᠠ᠂ ᠰᠤᠷᠭᠠᠭᠤᠯᠢ ᠪᠣᠯᠤᠨ ᠭᠡᠷ ᠤᠨ ᠠᠬᠠᠮᠠᠳ ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠪᠣᠯᠤᠨ ᠬᠢᠨᠠᠨ ᠬᠠᠮᠠᠭᠠᠯᠠᠬᠤ ᠠᠵᠢᠯ ᠢ ᠴᠢᠩᠭ᠎ᠠ ᠰᠠᠶᠢᠲᠤᠷ ᠬᠢᠵᠦ᠂ ᠬᠡᠦᠬᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠳᠤ ᠬᠡᠦᠬᠡᠳ ᠤᠨ ᠤᠰᠤᠨ ᠳᠤ ᠤᠮᠪᠠᠭ᠋ᠤ ︵ᠤᠰᠤᠨ ᠳᠤ ᠨᠠᠭᠠᠳᠬᠤ︶ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠶᠢ ᠣᠨᠴᠠᠭᠠᠶᠢᠯᠠᠨ ᠠᠩᠬᠠᠷᠴᠤ᠂ ᠳᠤᠷ᠎ᠠ ᠪᠠᠷ ᠢᠶᠠᠨ ᠭᠠᠳᠠᠭᠰᠢ ᠭᠠᠷᠴᠤ ᠤᠮᠪᠠᠭ᠋ᠤ ᠶᠢᠨ ᠠᠶᠤᠯᠲᠤ ᠴᠢᠨᠠᠷ ᠵᠢᠴᠢ ᠬᠦᠨᠳᠦ ᠨᠣᠴᠢᠲᠠᠶ ᠦᠷ᠎ᠡ ᠳ᠋ᠦᠩ ᠢ ᠲᠣᠳᠣᠷᠬᠠᠶ ᠶᠠᠷᠢᠵᠤ᠂ ︽ᠤᠰᠤᠨ ᠳᠤ ᠤᠮᠪᠠᠭ᠋ᠤ ︵ᠤᠰᠤᠨ ᠳᠤ ᠤᠮᠪᠠᠭ᠋ᠤ︶ ᠶᠢ ᠬᠤᠷᠢᠭᠯᠠᠬᠤ︾ ᠲᠡᠮᠳᠡᠭ ᠲᠠᠢ ᠤᠰᠤᠨ ᠤ ᠣᠷᠴᠢᠨ ᠳᠤ ᠨᠠᠭᠠᠳᠬᠤ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨᠠᠬᠢ ᠲᠠᠨᠢᠯ ᠪᠤᠰᠤ ᠤᠰᠤᠨ ᠤ ᠣᠷᠴᠢᠨ ᠳᠤ ᠳᠤᠷ᠎ᠠ ᠪᠠᠷ ᠢᠶᠠᠨ ᠣᠴᠢᠵᠤ ᠨᠠᠭᠠᠳᠴᠤ ᠪᠣᠯᠬᠤ ᠦᠭᠡᠢ᠃    ᠳᠥᠷᠪᠡ᠂ ᠪᠠᠶᠢᠭᠠᠯᠢ ᠶᠢᠨ ᠭᠤᠤᠯ ᠤᠨ ᠵᠠᠮ᠂ ᠨᠠᠭᠤᠷ ᠴᠥᠭᠦᠷᠥᠮ ᠵᠡᠷᠭᠡ ᠤᠰᠤᠨ ᠣᠷᠣᠨ ᠳᠤ ᠵᠠᠷᠢᠮ ᠬᠥᠮᠦᠨ ᠤᠰᠤᠨ ᠳᠤ ᠤᠨᠠᠭᠰᠠᠨ ᠢ ᠣᠯᠵᠤ ᠮᠡᠳᠡᠪᠡᠯ ᠭᠡᠨᠡᠨ ᠢᠶᠠᠷ ᠠᠪᠤᠷᠠᠵᠤ ᠪᠣᠯᠬᠤ ᠥᠬᠡᠶ᠂ ᠳᠠᠷᠦ᠋ᠢᠬᠠᠨ ᠴᠠᠭᠳᠠᠭ᠎ᠠ ᠳᠤ ᠮᠡᠳᠡᠭᠦᠯᠵᠦ᠂ ᠣᠶᠢᠷ᠎ᠠ ᠬᠠᠪᠢ ᠶᠢᠨ ᠬᠥᠮᠦᠰ ᠢᠶᠠᠨ ᠥᠨᠳᠥᠷ ᠲᠠᠭᠤᠨ ᠢᠶᠠᠷ ᠳᠠᠭᠤᠳᠠᠵᠤ ᠬᠠᠪᠰᠤᠷᠤᠯᠭ᠎ᠠ ᠭᠤᠶᠤᠬᠤ ᠪᠠᠷ ᠭᠤᠶᠤᠴᠢᠯᠠᠵᠤ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠭᠰᠠᠨ ᠤᠷᠢᠲᠠᠯ ᠳᠣᠤᠷ᠎ᠠ ᠴᠢᠬᠤᠯᠠ ᠪᠥᠬᠦᠶ ᠠᠪᠤᠷᠠᠨ ᠲᠤᠰᠠᠯᠠᠯᠲᠠ ᠬᠠᠩᠭᠠᠬᠤ ᠬᠡᠷᠡᠭᠲᠡᠶ᠃    ᠲᠠᠪᠤ᠂ ᠭᠠᠵᠠᠷ ᠤᠨ ᠭᠠᠮᠰᠢᠭ ᠠᠮᠠᠷᠬᠠᠨ ᠡᠭᠦᠰᠳᠡᠭ ᠭᠠᠵᠠᠷ ᠣᠷᠣᠨ ᠳᠤ ᠤᠷᠢᠳᠴᠢᠯᠠᠨ ᠰᠡᠷᠡᠮᠵᠢᠯᠡᠭᠦᠯᠬᠦ ᠳᠤᠬᠢᠶ᠎ᠠ ᠶᠢ ᠰᠠᠶᠢᠨ ᠮᠡᠳᠡᠵᠤ᠂ ᠵᠠᠮ ᠱᠤᠭᠤᠮ᠂ ᠠᠶᠤᠯ ᠠᠴᠠ ᠵᠠᠶᠢᠯᠠᠬᠤ ᠭᠠᠵᠠᠷ ᠢ ᠰᠢᠯᠵᠢᠭᠦᠯᠬᠦ ᠬᠡᠷᠡᠭᠲᠡᠶ᠃ ᠬᠡᠷᠪᠡ ᠠᠶᠤᠯ ᠲᠤᠯᠭᠠᠷᠠᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠡ︶ ᠤᠨ ᠰᠢᠯᠵᠢᠭᠦᠯᠬᠦ ᠲᠣᠬᠢᠷᠠᠭᠤᠯᠤᠯᠲᠠ ᠶᠢ ᠳᠠᠭᠠᠵᠤ᠂ ᠴᠠᠭ ᠲᠤᠬᠠᠶ ᠳᠤᠨᠢ᠂ ᠡᠮᠬᠢ ᠵᠢᠷᠤᠮ ᠲᠠᠢ ᠪᠠᠷ ᠵᠠᠶᠢᠯᠠᠬᠤ ᠬᠡᠷᠡᠭᠲᠡᠶ᠃ ᠠᠶᠤᠯ ᠲᠦᠭᠰᠢᠭᠦᠷᠢ ᠶᠢ ᠠᠷᠢᠯᠭᠠᠭᠰᠠᠨ ᠦᠭᠡᠢ ᠪᠣᠯ ᠤᠤᠯ ᠤᠨ ᠠᠶᠤᠯ ᠲᠦᠭᠰᠢᠭᠦᠷᠢᠲᠡᠶ ᠣᠷᠣᠨ ᠰᠠᠭᠤᠴᠠ ᠳᠠᠭᠠᠨ ᠪᠤᠴᠠᠵᠤ ᠶᠠᠭᠠᠬᠢᠭᠰᠠᠨ ᠴᠤ ᠪᠣᠯᠬᠤ ᠦᠭᠡᠢ᠃    ᠵᠢᠷᠭᠤᠭ᠎ᠠ᠂ ᠪᠣᠷᠣᠭᠠᠨ ᠲᠠᠢ ᠡᠳᠦᠷ ᠠᠭᠤᠯᠠᠷᠬᠠᠭ ᠣᠷᠣᠨ ᠤ ᠭᠤᠤ ᠵᠢᠯᠠᠭ᠎ᠠ ᠪᠠᠷ ᠵᠤᠭᠠᠴᠠᠵᠤ ᠪᠣᠯᠬᠤ ᠦᠭᠡᠢ᠃ ᠬᠡᠷᠪᠡ ᠲᠠ ᠠᠭᠤᠯᠠᠷᠬᠠᠭ ᠣᠷᠣᠨ ᠢᠶᠠᠷ ᠵᠢᠭᠤᠯᠴᠢᠯᠠᠬᠤ ᠳᠤ ᠰᠢᠷᠦᠭᠦᠨ ᠪᠣᠷᠣᠭᠠᠨ ᠲᠣᠬᠢᠶᠠᠯᠳᠤᠪᠠᠯ᠂ ᠠᠭᠤᠯᠠᠨ ᠦᠶᠡᠷ ᠰᠢᠪᠠᠷ ᠴᠢᠯᠠᠭᠤᠨ ᠤ ᠤᠷᠤᠰᠬᠠᠯ ᠤᠨ ᠭᠠᠮᠰᠢᠭ ᠢ ᠠᠩᠬᠠᠷᠤᠨ ᠰᠡᠷᠭᠡᠶᠢᠯᠡᠵᠦ᠂ ᠠᠯᠢ ᠲᠦᠷᠭᠡᠨ ᠢᠶᠠᠷ ᠠᠭᠤᠯᠠᠨ ᠠᠴᠠ ᠭᠠᠷᠬᠤ ᠪᠤᠶᠤ ᠠᠮᠤᠷ ᠲᠦᠪᠰᠢᠨ ᠭᠠᠵᠠᠷ ᠣᠴᠢᠵᠤ ᠳᠠᠯᠳᠠᠯᠠᠬᠤ ᠬᠡᠷᠡᠭᠲᠡᠶ᠃ ᠬᠡᠷᠪᠡ ᠲᠠ ᠨᠢᠭᠡᠨᠲᠡ ᠠᠭᠤᠯᠠ ᠶᠢᠨ ᠦᠶᠡᠷ ᠭᠠᠷᠤᠭᠰᠠᠨ ᠢ ᠣᠯᠵᠤ ᠮᠡᠳᠡᠪᠡᠯ᠂ ᠠᠭᠤᠯᠠᠨ ᠬᠥᠲᠥᠯ᠂ ᠥᠨᠳᠥᠷ ᠭᠠᠵᠠᠷ ᠵᠦᠭ ᠲᠦᠷᠭᠡᠨ ᠰᠢᠯᠵᠢᠬᠦ ᠬᠡᠷᠡᠭᠲᠡᠶ᠂ ᠭᠤᠤᠯ ᠮᠥᠷᠡᠨ ᠪᠤᠶᠤ ᠠᠭᠤᠯᠠᠨ ᠵᠢᠯᠠᠭ᠎ᠠ ᠶᠢᠨ ᠭᠠᠷᠬᠤ ᠵᠠᠮ ᠢᠶᠠᠷ ᠳᠣᠤᠷᠠᠳᠤ ᠤᠷᠤᠰᠬᠠᠯ ᠵᠦᠭ ᠭᠦᠶᠦᠬᠦ ᠶᠢ ᠴᠢᠩᠭ᠎ᠠ ᠴᠡᠭᠡᠷᠯᠡᠬᠦ ᠬᠡᠷᠡᠭᠲᠡᠶ᠂ ᠨᠠᠩ ᠬᠢᠯᠪᠠᠷᠬᠠᠨ ᠢᠶᠠᠷ ᠤᠰᠤ ᠭᠡᠲᠦᠯᠦᠨ ᠰᠢᠯᠵᠢᠵᠦ ᠪᠣᠯᠬᠤ ᠥᠬᠡᠶ᠃    ᠲᠤᠯᠤᠭ᠎ᠠ᠂ ᠤᠯᠠᠨ ᠢᠶᠠᠷ ᠢᠶᠠᠨ ᠲᠦᠢᠯ ᠤᠨ ᠶᠡᠭᠡ ᠭᠠᠩ ᠬᠠᠭᠰᠠᠷᠠᠭᠠᠨ ᠤ ᠭᠠᠮᠰᠢᠭ ᠭᠠᠷᠴᠤ ᠮᠡᠳᠡᠬᠦ ᠶᠢ ᠨᠢᠭᠲᠠ ᠠᠩᠬᠠᠷᠴᠤ᠂ ᠭᠠᠩ ᠬᠠᠭᠰᠠᠷᠠᠭᠠᠨ ᠲᠠᠢ ᠲᠡᠮᠡᠴᠡᠬᠦ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ  ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠷᠪᠡ ᠡᠭᠦᠰᠪᠡᠯ᠂ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠥᠪᠡᠷ ᠢ ᠪᠠᠨ ᠠᠪᠤᠷᠠᠬᠤ ᠠᠵᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ ᠭᠠᠩ ᠬᠠᠭᠰᠠᠷᠠᠭᠠᠨ ᠲᠠᠢ ᠲᠡᠮᠡᠴᠡᠬᠦ ᠰᠠᠯᠠᠭ᠎ᠠ ᠮᠥᠴᠢᠷ ᠲᠠᠢ ᠵᠣᠯᠭᠠᠭᠤᠯᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠤᠰᠤ ᠤᠮᠳᠠ ᠶᠢᠨ ᠠᠮᠤᠷ ᠲᠦᠪᠰᠢᠨ ᠢ ᠬᠠᠮᠲᠤᠪᠠᠷ ᠪᠠᠲᠤᠯᠠᠬᠤ ᠬᠡᠷᠡᠭᠲᠡᠢ᠃    ᠬᠠᠶᠢᠷᠠᠲᠤ ᠰᠠᠭᠤᠭᠠᠯᠢ ᠠᠷᠠᠳ ᠨᠠᠶᠢᠵᠠ ᠨᠠᠷ ᠠ᠂ ᠪᠢᠳᠡ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠰᠢᠶᠠᠨ ᠤ ᠠᠮᠤᠷ ᠲᠦᠪᠰᠢᠨ ᠢᠶᠠᠷ ᠦᠶᠡᠷ ᠢ ᠥᠩᠭᠡᠷᠡᠭᠦᠯᠬᠦ ᠶᠢᠨ ᠲᠥᠯᠥᠭᠡ᠂ ᠭᠡᠷ ᠪᠦᠯᠢ ᠨᠢᠭᠡᠪᠦᠷᠢ ᠶᠢᠨ ᠵᠣᠯ ᠵᠢᠷᠭᠠᠯ ᠠᠮᠤᠷ ᠠᠮᠤᠭᠤᠯᠠᠩ ᠤᠨ ᠲᠥᠯᠥᠭᠡ᠂ ᠪᠢᠳᠡ ᠭᠠᠷ ᠬᠤᠯᠪᠣᠯᠴᠠᠨ ᠂ ᠥᠪᠡᠷ ᠤᠨ ᠢᠶᠠᠨ ᠲᠥᠯᠥᠭᠡ᠂ ᠥᠪᠡᠷ ᠤᠨ ᠢᠶᠠᠨ ᠲᠥᠯᠥᠭᠡ᠂ ᠲᠡᠭᠦᠨ ᠤ ᠲᠥᠯᠥᠭᠡ᠂ ᠬᠥᠮᠦᠨ ᠪᠦᠬᠦᠨ ᠤ ᠲᠥᠯᠥᠭᠡ ᠥᠪᠡᠷ ᠤᠨ ᠬᠤᠪᠢ ᠨᠡᠮᠡᠷᠢ ᠪᠠᠨ ᠦᠵᠡᠭᠦᠯᠦᠶ᠎ᠡ᠃    ᠯᠢᠶᠠᠩᠴᠧᠩ ᠰᠢᠶᠠᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 24 ᠴᠠᠭ ᠤᠨ ᠵᠢᠵᠢᠭᠦᠷᠯᠡᠬᠦ ᠤᠲᠠᠰᠤ᠄ 0474 — 4208662    ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ 24 ᠴᠠᠭ ᠤᠨ ᠵᠢᠵᠢᠭᠦᠷᠯᠡᠬᠦ ᠤᠲᠠᠰᠤ᠄ 0474 — 4202602    ᠯᠢᠶᠠᠩᠴᠧᠩ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ 24 ᠴᠠᠭ ᠤᠨ ᠵᠢᠵᠢᠭᠦᠷᠯᠡᠬᠦ ᠤᠲᠠᠰᠤ᠄ 0474 — 4210119    ᠯᠢᠶᠠᠩᠴᠧᠩ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ                                               2023 ᠣᠨ ᠤ 7 ᠰᠠᠷ᠎ᠠ ᠶᠢᠨ 5 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2