ᠯᠢᠶᠠᠩᠴᠧᠩ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠨᠢ ᠬᠤᠩ ᠮᠤᠤ | ᠪᠠᠯᠭᠠᠰᠤᠨ ᠤ ᠲᠦᠸᠧ ᠪᠠ ᠭᠦᠢ ᠴᠡᠴᠡᠷᠯᠢᠭ ᠤᠨ ᠬᠠᠵᠠᠭᠤ ᠳᠤ ᠪᠠᠶᠢᠷᠢᠯᠠᠵᠤ᠂ 8000 ᠲᠡᠭᠰᠢ ᠳᠥᠷᠪᠡᠯᠵᠢᠨ | ᠮᠧᠲᠷ ᠲᠠᠯᠠᠪᠠᠢ ᠲᠠᠢ᠂ 5000 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠢ ᠲᠠᠢ᠂ 24 ᠮᠧᠲᠷ ᠥᠨᠳᠥᠷ | ᠪᠠᠷᠢᠯᠭ᠎ᠠ ᠲᠠᠢ᠂ 500 ᠦᠵᠡᠭᠴᠢᠳ ᠤᠨ ᠰᠠᠭᠤᠳᠠᠯ ᠲᠠᠢ᠂ ᠰᠠᠭᠰᠤᠨ ᠪᠥᠮᠪᠦᠭᠡ ᠶᠢᠨ ᠲᠠᠯᠠᠪᠠᠢ᠂ ᠥᠳᠥᠨ | ᠪᠥᠮᠪᠦᠭᠡ ᠶᠢᠨ ᠲᠠᠯᠠᠪᠠᠢ᠂ ᠫᠢᠩᠫᠠᠩ ᠪᠥᠮᠪᠦᠭᠡ ᠶᠢᠨ ᠦᠷᠦᠭᠡ᠂ ᠴᠢᠴᠢᠭᠦᠷ ᠪᠥᠮᠪᠦᠭᠡ ᠶᠢᠨ ᠦᠷᠦᠭᠡ᠂ | ᠤᠮᠪᠠᠯᠲᠠ ᠶᠢᠨ ᠲᠠᠲᠠᠭᠠᠯ᠂ ᠲᠣᠣᠷ ᠪᠥᠮᠪᠦᠭᠡ ᠶᠢᠨ ᠲᠠᠯᠠᠪᠠᠢ ᠵᠢᠴᠢ ᠪᠤᠰᠤᠳ ᠲᠠᠮᠢᠷᠴᠢᠨ ᠤ ᠠᠮᠠᠷᠠᠬᠤ ᠦᠷᠦᠭᠡ᠂ | ᠬᠢᠨᠠᠭᠴᠢ ᠶᠢᠨ ᠠᠮᠠᠷᠠᠬᠤ ᠦᠷᠦᠭᠡ᠂ ᠤᠷᠤᠯᠳᠤᠭᠠᠨ ᠤ ᠬᠠᠮᠢᠶᠠᠷᠤᠯᠲᠠ ᠶᠢᠨ ᠦᠷᠦᠭᠡ ᠵᠡᠷᠭᠡ ᠴᠢᠳᠠᠪᠬᠢ ᠶᠢᠨ | ᠦᠷᠦᠭᠡ ᠶᠢ ᠢᠵᠢ ᠪᠦᠷᠢᠳᠦᠭᠦᠯᠵᠡᠢ᠃ ᠡᠭᠦᠨ ᠳᠤ ᠤᠮᠪᠠᠯᠲᠠ ᠶᠢᠨ ᠲᠠᠲᠠᠭᠠᠯ ᠤᠨ ᠤᠮᠪᠠᠯᠲᠠ ᠶᠢᠨ ᠵᠠᠮ ᠤᠨ | ᠣᠷᠳᠣ ᠨᠢ 25 ᠮᠧᠲᠷ᠂ 5 ᠤᠮᠪᠠᠯᠲᠠ ᠶᠢᠨ ᠵᠠᠮ᠂ ᠲᠠᠲᠠᠭᠠᠯ ᠤᠨ ᠭᠦᠨ ᠨᠢ 1.2 1.6 ᠮᠧᠲᠷ ᠪᠠᠶᠢᠵᠤ᠂ | ᠳᠣᠲᠣᠷ᠎ᠠ ᠨᠢ ᠤᠬᠢᠶᠠᠯᠭ᠎ᠠ ᠶᠢᠨ ᠲᠠᠰᠤᠭ᠂ ᠬᠤᠪᠴᠠᠰᠤ ᠰᠣᠯᠢᠬᠤ ᠲᠠᠰᠤᠭ᠂ ᠡᠮᠨᠡᠯᠭᠡ ᠶᠢᠨ ᠲᠠᠰᠤᠭ ᠲᠠᠢ᠂ ᠤᠰᠤ ᠶᠢ | ᠬᠠᠯᠠᠭᠠᠪᠠᠯ ᠠᠭᠠᠷ ᠤᠨ ᠡᠨᠧᠷᠭᠢ ᠶᠢᠨ ᠢᠯᠴᠢ ᠶᠢᠨ ᠡᠷᠭᠢᠯᠲᠡ ᠶᠢᠨ ᠰᠢᠰᠲ᠋ᠧᠮ ᠪᠣᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠤ ᠲᠥᠪ ᠨᠢ ᠤᠯᠤᠰ ᠤᠨ ᠪᠡᠶ᠎ᠡ ᠶᠢᠨ ᠲᠠᠮᠢᠷ ᠤᠨ ᠪᠠᠷᠢᠯᠭ᠎ᠠ ᠶᠢᠨ ᠬᠥᠬᠡᠭᠴᠢᠨ | ᠲᠠᠰ ᠤᠨ ᠪᠠᠷᠢᠮᠵᠢᠶ᠎ᠠ ᠪᠠᠷ ᠪᠠᠶᠢᠷᠢᠰᠢᠵᠤ᠂ ᠰᠠᠭᠰᠤᠨ ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ᠂ | ᠠᠯᠠᠭᠠᠳᠠᠬᠤ ᠪᠥᠮᠪᠦᠭᠡ᠂ ᠴᠢᠴᠢᠭᠦᠷ ᠪᠥᠮᠪᠦᠭᠡ᠂ ᠲᠣᠤᠷ ᠪᠥᠮᠪᠦᠭᠡ ᠵᠡᠷᠭᠡ ᠣᠯᠠᠨ ᠵᠦᠶ᠋ᠯ ᠤᠨ ᠪᠡᠶ᠎ᠡ ᠶᠢᠨ ᠲᠠᠮᠢᠷ ᠤᠨ | ᠵᠦᠶ᠋ᠯ ᠤᠨ ᠪᠣᠯᠪᠠᠰᠤᠷᠠᠯ ᠪᠠ ᠤᠷᠤᠯᠳᠤᠭᠠᠨ ᠢ ᠶᠠᠪᠤᠭᠳᠠᠭᠤᠯᠵᠤ ᠪᠣᠯᠤᠨ᠎ᠠ᠃ ᠤᠳᠤ ᠵᠣᠬᠢᠴᠠᠩᠭᠤᠶ ᠬᠢᠷᠢ ᠬᠡᠮ ᠲᠠᠢ | ᠺᠣᠮᠫᠠᠨᠢ ᠶᠢ ᠨᠠᠶᠢᠳᠠᠨ ᠡᠵᠡᠩᠨᠡᠭᠦᠯᠬᠦ ᠪᠠᠷ ᠡᠷᠢᠵᠦ ᠪᠠᠶᠢᠨ᠎ᠠ᠂ ᠪᠣᠳᠠᠲᠠᠶ ᠱᠠᠭᠠᠷᠳᠠᠯᠭ᠎ᠠ ᠨᠢ ᠳᠣᠣᠷᠠᠬᠢ ᠮᠡᠲᠦ᠄ | 1. ᠲᠠᠯᠠᠪᠠᠶ ᠣᠷᠳᠣᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠠᠶᠤᠯ ᠶᠡᠬᠡᠲᠡᠶ ᠪᠡᠶ᠎ᠡ ᠶᠢᠨ ᠲᠠᠮᠢᠷ ᠤᠨ | ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠬᠡᠷᠡᠭᠲᠡᠶ᠃ | 2.ᠡᠵᠡᠩᠨᠡᠯᠲᠡ ᠶᠢᠨ ᠬᠤᠭᠤᠴᠠᠭᠠᠨ ᠳᠠᠭᠠᠨ ᠵᠣᠬᠢᠬᠤ ᠬᠡᠮᠵᠢᠶᠡᠨ ᠤ ᠪᠠᠷᠢᠴᠠᠭᠠᠨ ᠤ ᠮᠥᠩᠭᠦ ᠪᠠ ᠲᠦᠷᠢᠶᠡᠰᠦᠨ | ᠮᠥᠩᠭᠦ ᠲᠤᠰᠢᠶᠠᠬᠤ᠃ | 3. ᠲᠠᠯᠠᠪᠠᠶ ᠣᠷᠳᠣᠨ ᠤ ᠡᠵᠡᠩᠨᠡᠯᠲᠡ ᠶᠢᠨ ᠵᠠᠷᠤᠳᠠᠯ ︵ᠤᠰᠤ᠂ ᠴᠠᠬᠢᠯᠭᠠᠨ᠂ ᠠᠵᠢᠯᠲᠠᠨ ᠤ ᠴᠠᠯᠢᠩ ᠵᠢᠴᠢ | ᠡᠳᠦᠷ ᠲᠤᠲᠤᠮ ᠤᠨ ᠬᠠᠮᠠᠭᠠᠯᠠᠯᠲᠠ ᠶᠢᠨ ᠵᠠᠷᠤᠳᠠᠯ︶ ᠢ ᠡᠵᠡᠩᠨᠡᠯᠲᠡ ᠶᠢᠨ ᠲᠠᠯ᠎ᠠ ᠠᠴᠠ ᠡᠭᠦᠷᠭᠡᠯᠡᠨ᠎ᠡ᠃ | ᠬᠠᠮᠲᠤᠷᠠᠨ ᠠᠵᠢᠯᠯᠠᠬᠤ ᠬᠦᠰᠡᠯ ᠲᠠᠢ ᠨᠢ ᠢᠷᠡᠵᠦ ᠶᠠᠷᠢᠯᠴᠠᠬᠤ ᠶᠢ ᠬᠦᠰᠡᠵᠦ ᠪᠠᠶᠢᠨ᠎ᠠ᠃ | ᠬᠠᠷᠢᠯᠴᠠᠬᠤ ᠬᠥᠮᠦᠨ᠄ ᠯᠢᠦ ᠶᠦᠩ ᠲᠠᠩ | ᠬᠠᠷᠢᠯᠴᠠᠬᠤ ᠤᠲᠠᠰᠤ᠄ 13500647623 | ᠨᠡᠷ᠎ᠡ ᠮᠡᠳᠡᠭᠦᠯᠬᠦ ᠴᠠᠭ᠄ 2023 ᠣᠨ ᠤ 7 ᠰᠠᠷ᠎ᠠ ᠶᠢᠨ 7 ᠤ ᠡᠳᠦᠷ — 7 ᠰᠠᠷ᠎ᠠ ᠶᠢᠨ 13 ᠤ ᠡᠳᠦᠷ | | ᠯᠢᠶᠠᠩᠴᠧᠩ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ | 2023 ᠣᠨ ᠤ 7 ᠰᠠᠷ᠎ᠠ ᠶᠢᠨ 7 ᠤ ᠡᠳᠦᠷ |