ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/9
 7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 7 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠶᠢᠨᠴᠤᠸᠠᠨ ᠬᠤᠳᠠ ᠶᠢᠨ ᠰᠢᠩ ᠴᠢᠩ ᠲᠣᠭᠤᠷᠢᠭ ᠤᠨ ᠹᠦ᠋ ᠶᠠᠩ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠳᠡᠯᠪᠡᠷᠡᠭᠰᠡᠨ ᠠᠳᠡᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ  ‍ᠤᠨ‌‍ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃    ᠬᠤᠷᠠᠯ ᠠᠴᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠣᠨᠣᠪᠴᠢᠲᠠᠢ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠴᠢᠩᠭ᠎ᠠ ᠠᠩᠬᠠᠷᠴᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃    ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ ᠰᠢᠶᠠᠨ ᠤ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2