8 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ᠂ | ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠧᠩ ᠳ᠋ᠦᠩ ᠫᠢᠩ 2023 ᠣᠨ ᠤ | ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠬᠥᠮᠦᠵᠢᠯ ᠤᠨ | ᠺᠢᠨᠣ᠋ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ — ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾᠂ ︽ᠤᠯᠠᠭᠠᠨ ᠱᠤᠭᠤᠮ ᠠᠴᠠ ᠳᠠᠪᠠᠭᠰᠠᠨ | ᠦᠨ᠎ᠡ ᠦᠷᠳᠡᠭ︾ ᠢ ᠲᠥᠪᠯᠡᠷᠡᠭᠦᠯᠦᠨ ᠦᠵᠡᠪᠡ᠃ ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠥᠭᠭᠦᠭᠰᠡᠨ ᠴᠢᠬᠤᠯᠠ | ᠵᠢᠭᠠᠪᠤᠷᠢ︾᠂ ︽ᠶᠡᠷᠦᠩᠬᠡᠢ ᠱᠦᠵᠢ ᠰᠢ ᠶᠢᠨ ᠫᠢᠩ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ︾ ᠶᠢ ᠤᠯᠠᠮᠵᠢᠯᠠᠨ ᠰᠤᠷᠤᠯᠴᠠᠵᠤ᠂ 2023 ᠣᠨ ᠤ 1 — 7 | ᠰᠠᠷ᠎ᠠ ᠶᠢᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠪᠠᠶᠢᠳᠠᠯ ᠵᠢᠴᠢ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠠᠢ᠃ | ᠵᠧᠩ ᠳ᠋ᠦᠩ ᠫᠢᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠴᠢᠬᠤᠯᠠ ᠴᠢᠨᠠᠷ ᠢ ᠴᠢᠨᠠᠭᠰᠢᠳᠠ ᠭᠦᠨᠵᠡᠭᠡᠢ ᠲᠠᠨᠢᠬᠤ ᠬᠡᠷᠡᠭᠲᠡᠢ᠃ ᠠᠶᠤᠯ ᠲᠦᠭᠰᠢᠭᠦᠷᠢ ᠶᠢ ᠪᠠᠶᠢᠴᠠᠭᠠᠬᠤ᠂ | ᠲᠠᠯᠳᠠ ᠭᠡᠮ ᠢ ᠠᠷᠢᠯᠭᠠᠬᠤ᠂ ᠡ᠊ᠨᠳᠡᠯ ᠭᠠᠷᠬᠤ ᠶᠢ ᠰᠡᠷᠭᠡᠶᠢᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠶᠤᠯᠲᠠᠢ | ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ | ᠵᠤᠭᠠᠴᠠᠯ ᠤᠨ ᠠᠵᠢᠯ ᠲᠦᠷᠦᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠦᠶᠡᠷ ᠢ ᠰᠡᠷᠭᠡᠶᠢᠯᠡᠬᠦ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠪᠦᠬᠦ ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠶᠤᠯ | ᠲᠦᠭᠰᠢᠭᠦᠷᠢ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ | ᠵᠤᠶᠢᠯ ᠤᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾ ᠲᠤ ᠨᠠᠶᠢᠳᠠᠪᠤᠷᠢᠵᠢᠭᠤᠯᠬᠤ ᠬᠡᠷᠡᠭᠲᠡᠶ᠃ ᠠᠵᠤ | ᠠᠬᠤᠶᠢᠯᠠᠯ ᠢ ᠱᠠᠯᠠᠪᠳᠠᠭᠤᠯᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠶᠢᠨ ᠲᠤᠬᠠᠢ ᠶᠢᠨ ᠭᠠᠵᠠᠷ ᠤᠨ ᠪᠣᠯᠪᠠᠰᠤᠷᠠᠯ ᠢ ᠴᠢᠩᠭᠠᠳᠬᠠᠵᠤ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ᠂ ᠠᠵᠢᠯ ᠤᠨ | ᠪᠠᠶᠢᠷᠢ ᠨᠢᠭᠡᠪᠦᠷᠢ᠂ ᠨᠢᠭᠡᠳᠦᠭᠡᠷ ᠹᠷᠣᠨᠲ ᠤᠨ ᠠᠵᠢᠯᠳᠠᠨ ᠨᠢᠭᠡᠪᠦᠷᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠹᠧᠩ ᠵᠢᠶᠦ᠋ᠨ᠂ ᠶᠠᠩ ᠬᠤᠩ ᠵᠢᠴᠢ ᠰᠢᠶᠠᠨ ᠤ ᠰᠢᠭᠤᠳ | ᠬᠠᠷᠢᠶ᠎ᠠ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |