ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ  ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/8/11
   ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ ᠤᠨ ︽ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 9 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠤᠤ ᠵᠢᠶᠦ᠋ᠨ ᠲᠢᠩ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠢᠶᠠᠷ ᠪᠦᠷᠢᠯᠳᠦᠭᠰᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠢ ᠳᠠᠭᠠᠭᠤᠯᠤᠨ᠂ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠪᠠᠷᠢᠯᠭ᠎ᠠ ᠶᠢᠨ ᠪᠠᠷᠢᠯᠭ᠎ᠠ ᠶᠢᠨ ᠭᠠᠵᠠᠷ᠂ ᠯᠢ ᠶᠧ ᠬᠡᠢ ᠨᠡᠮᠡᠬᠦ ᠦᠷᠳᠡᠭᠡ ᠪᠣᠯᠤᠨ ᠳᠤᠮᠳᠠᠳᠤ ᠤᠯᠤᠰ ᠤᠨ ᠡᠨᠧᠷᠭᠢ ᠶᠢᠨ ᠲᠤᠰᠤ ᠨᠡᠮᠡᠬᠦ ᠦᠷᠳᠡᠭᠡ ᠳᠤ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠠᠢ᠃    ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ︽ᠨᠢᠭᠡ ᠬᠠᠤᠯᠢ ᠨᠢᠭᠡ ᠲᠦᠷᠢᠮ︾ ᠢ ᠤᠬᠠᠭᠤᠯᠤᠨ ᠲᠦᠭᠡᠮᠡᠯᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠬᠡᠷᠡᠭᠲᠡᠢ︔ ᠭᠤᠣᠯᠳᠠᠯᠭ᠎ᠠ ᠲᠠᠢ  ᠬᠦᠷᠢᠶ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠨᠠᠷᠢᠯᠢᠭ ᠰᠠᠶᠢᠲᠤᠷ ᠬᠢᠵᠦ᠂ ᠲᠤᠰ ᠲᠤᠰ ‍ᠤᠨ‌‍ᠬᠦ᠋ᠷᠢᠶ᠎ᠠ  ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ᠲᠤᠰ ᠲᠤᠰ ‍ᠤᠨ‌‍ᠬᠦ᠋ᠷᠢᠶ᠎ᠠ  ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2