8 ᠰᠠᠷ᠎ᠠ ᠶᠢᠨ 10 ᠤ ᠡᠳᠦᠷ᠂ ᠮᠠᠨ ᠤ ᠰᠢᠶᠠᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠤᠤᠢ ᠵᠢᠶᠠᠨ ᠹᠧᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭᠠᠨ ᠤ ᠪᠦᠭᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠪᠦᠭᠦ ᠲᠠᠯ᠎ᠠ ᠶᠢᠨ ᠪᠠ ᠪᠠᠶᠢᠯᠳᠤᠬᠤ | ᠪᠤᠲᠣᠯᠭ᠎ᠠ ᠶᠢᠨ ᠳᠡᠭᠡᠳᠦ ᠬᠡᠮᠵᠢᠶᠡᠨ ᠠᠴᠠ ᠲᠠᠨᠢᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠠᠭᠲᠠᠢ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠯ᠎ᠡ ᠵᠤᠶᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ | ᠥᠨᠳᠥᠷ ᠬᠢᠷᠢ ᠲᠦᠪᠰᠢᠨ ᠢᠶᠠᠷ ᠪᠡᠶᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠮᠢᠨ ᠰᠤᠳᠠᠰᠤ ᠶᠢ ᠪᠠᠲᠤ ᠰᠠᠬᠢᠵᠤ᠂ | ᠬᠠᠤᠯᠢ ᠲᠣᠭᠲᠠᠭᠠᠯ ᠶᠣᠰᠣᠭᠠᠷ ᠪᠥᠬᠦ ᠲᠠᠯ᠎ᠠ ᠪᠠᠷ ᠲᠦᠢᠯᠪᠤᠷᠢᠲᠠᠶ ᠪᠠᠶᠢᠴᠠᠭᠠᠨ ᠲᠣᠳᠣᠷᠬᠠᠶᠢᠯᠠᠬᠤ ᠶᠢ ᠪᠠᠷᠢᠮᠲᠠᠯᠠᠬᠤ | ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠨᠡᠶᠢᠳᠡᠮ | ᠪᠠᠶᠢᠴᠠᠭᠠᠯᠲᠠ ᠶᠢᠨ ᠠᠵᠢᠯ ᠨᠡᠶᠢᠯᠡᠯ ᠬᠦᠴᠦᠨ ᠢ ᠪᠤᠢ ᠪᠣᠯᠭᠠᠨ᠂ ᠤᠬᠠᠭᠤᠯᠵᠤ ᠬᠥᠲᠥᠯᠥᠨ ᠵᠢᠯᠣᠭᠤᠳᠬᠤ | ᠡᠷᠴᠢᠮ ᠢᠶᠠᠨ ᠨᠡᠮᠡᠭᠳᠡᠭᠦᠯᠦᠨ᠂ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠷᠡ ᠶᠣᠰᠣᠭᠠᠷ ᠨᠢ | ᠰᠠᠶᠢᠲᠤᠷ ᠪᠡᠶᠡᠯᠡᠭᠦᠯᠬᠦ ᠬᠡᠷᠡᠭᠲᠡᠶ᠃ | ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |