ᠲᠠᠭ᠎ᠠ ᠶᠢᠨ ᠨᠠᠭᠤᠷ ᠪᠠᠯᠭᠠᠰᠤ᠄ ᠵᠢᠵᠢᠭ ᠲᠥᠪᠡᠳ ᠬᠠᠰᠢ  ᠬᠤᠷᠢᠶᠠᠯᠳᠡ ᠰᠠᠶᠢᠳᠠᠢ ᠪᠤᠢ
ᠨᠡᠶᠢᠲᠡᠯᠡᠭᠰᠡᠨ ᠴᠠᠭ᠄
2023/8/14
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠤᠢᠢᠷ᠎ᠠ ᠶᠢᠨ ᠵᠢᠯ ᠠᠴᠠ᠂ ᠲᠠᠭ᠎ᠠ ᠶᠢᠨ ᠨᠠᠭᠤᠷ ᠪᠠᠯᠭᠠᠰᠤ ᠶᠢᠨ ᠬᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠬᠦᠯᠡᠮᠵᠢ ᠶᠢᠨ ᠠᠵᠤ ᠠᠬᠤᠢ ᠶᠢᠨ ᠲᠠᠯ᠎ᠠ ᠪᠠᠷ ︽ᠠᠷᠭ᠎ᠠ ᠤᠬᠠᠭᠠᠨ ᠭᠠᠷᠭᠠᠵᠤ︾᠂ ᠬᠦᠯᠡᠮᠵᠢ ᠶᠢᠨ ᠢᠳᠡᠰᠢᠨ ᠨᠣᠭᠤᠭ᠎ᠠ᠂ ᠤᠨᠴᠠᠯᠢᠬᠳᠤ ᠠᠵᠤ ᠦᠢᠯᠡᠰ ᠤᠨ ᠲᠠᠷᠢᠮᠠᠯ ᠢ ᠶᠡᠬᠡᠪᠡᠷ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠡᠢ᠃
       ᠲᠤᠬᠠᠶ ᠶᠢᠨ ᠦᠶ᠎ᠡ ᠳᠤ᠂ ᠶᠠᠭ ᠰᠠᠶᠢᠬᠠᠨ ᠵᠢᠵᠢᠭ ᠲᠥᠪᠡᠳ ᠬᠠᠰᠢ ᠶᠢᠨ ᠵᠠᠬ᠎ᠠ ᠳᠡᠯᠭᠡᠭᠦᠷ ᠲᠤ ᠭᠠᠷᠬᠤ ᠤᠯᠠᠷᠢᠯ ᠪᠣᠯᠵᠣ᠂ ᠲᠠᠭ᠎ᠠ ᠶᠢᠨ ᠨᠠᠭᠤᠷ ᠪᠠᠯᠭᠠᠰᠤᠨ ᠤ ᠳ᠋ᠦᠩ ᠶᠦᠩ ᠯᠤ᠋ ᠲᠣᠰᠬᠤᠨ ᠤ ᠯᠢᠩ ᠯᠦᠩ ᠵᠢᠵᠢᠭ ᠲᠥᠪᠡᠳ ᠬᠠᠰᠢ ᠶᠢᠨ ᠲᠠᠷᠢᠮᠠᠯ ᠤᠨ ᠰᠠᠭᠤᠷᠢᠨ ᠭᠠᠵᠠᠷ ᠲᠤ ᠣᠷᠣᠬᠤ ᠳᠤ᠂ ᠨᠡᠷᠡᠨ ᠤ ᠬᠡᠷᠡᠯ ᠤᠨ ᠬᠦᠯᠡᠮᠵᠢ ᠨᠦᠭᠦᠳ ᠢ ᠲᠡᠷᠢ ᠲᠡᠭᠰᠢ ᠵᠢᠭᠰᠠᠭᠠᠵᠤ᠂ ᠬᠦᠯᠡᠮᠵᠢ ᠨᠦᠭᠦᠳ ᠤᠨ ᠳᠣᠲᠣᠷ᠎ᠠ᠂ ᠮᠥᠷ ᠮᠥᠷ ᠲᠥᠪᠡᠳ ᠬᠠᠰᠢ ᠶᠢᠨ ᠵᠢᠶᠠᠰᠠᠨ ᠳᠡᠭᠡᠷ᠎ᠡ ᠨᠣᠭᠤᠭᠠᠨ ᠵᠡᠯ᠎ᠡ ᠳᠦᠭᠦᠷᠲᠡᠯ᠎ᠡ ᠠᠪᠠᠷᠢᠨ᠂ ᠤᠯᠠᠭᠠᠨ ᠥᠩᠭᠡ ᠲᠠᠢ ᠵᠢᠵᠢᠭ ᠲᠥᠪᠡᠳ ᠬᠠᠰᠢ ᠶᠢᠨ ᠰᠠᠯᠠᠭ᠎ᠠ ᠨᠠᠮᠠᠭ᠎ᠠ ᠶᠢ ᠲᠦᠭᠦᠷᠡᠲᠡᠯ᠎ᠡ ᠴᠢᠮᠡᠵᠦ᠂ ᠬᠥᠮᠦᠰ ᠤᠨ ᠰᠢᠯᠦᠰᠦ ᠶᠢ ᠭᠤᠭᠤᠵᠢᠭᠤᠯᠵᠤ᠂ ᠠᠵᠢᠯᠴᠢᠳ ᠶᠠᠭ ᠳᠠᠳᠮᠠᠭᠠᠶ ᠪᠠᠷ ᠵᠢᠵᠢᠭ ᠲᠥᠪᠡᠳ ᠬᠠᠰᠢ ᠶᠢ ᠲᠡᠭᠦᠵᠦ ᠪᠠᠶᠢᠨ᠎ᠠ᠃ ᠲᠥᠪᠡᠳ ᠬᠠᠰᠢ ᠲᠠᠷᠢᠬᠤ ᠬᠦᠯᠡᠮᠵᠢ ᠠᠴᠠ ᠳᠡᠮᠡᠢ ᠬᠤᠯᠠ ᠦᠭᠡᠢ᠂ ᠲᠣᠰᠬᠤᠨ ᠤ ᠠᠷᠠᠳ ᠸᠧᠨ ᠵᠢᠶᠦ᠋ᠨ ᠯᠠᠨ ᠡᠭᠡᠴᠢ ᠳᠡᠭᠦᠦ ᠨᠡᠷ ᠲᠠᠢ ᠪᠠᠨ ᠬᠤᠷᠢᠶᠠᠵᠤ ᠠᠪᠤᠭᠰᠠᠨ ᠲᠥᠪᠡᠳ ᠬᠠᠰᠢ ᠪᠠᠨ ᠲᠡᠰ ᠬᠤᠪᠢᠶᠠᠬᠤ᠂ ᠬᠦᠨᠳᠦ ᠶᠢ ᠨᠢ ᠬᠡᠮᠵᠢᠬᠦ᠂ ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠤᠵᠤ᠂ ᠤᠯᠠᠨ ᠢᠶᠠᠷ ᠢᠶᠠᠨ ᠠᠵᠢᠯ ᠢᠶᠠᠨ ᠡᠮᠬᠢ ᠴᠡᠭᠴᠡ ᠲᠠᠢ ᠬᠤᠪᠢᠶᠠᠷᠢᠯᠠᠵᠤ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠲᠠᠢ ᠪᠠᠶᠢᠯ᠎ᠠ᠃ ︽ᠮᠠᠨ ᠤ ᠭᠠᠴᠠᠭ᠎ᠠ ᠡᠶᠢᠮᠦ ᠬᠦᠯᠡᠮᠵᠢ ᠶᠢ ᠲᠠᠷᠢᠪᠠᠯ ᠪᠢᠳᠡ ᠪᠠᠰᠠ ᠢᠷᠡᠵᠦ ᠠᠵᠢᠯ ᠬᠢᠵᠦ ᠪᠣᠯᠤᠨ᠎ᠠ᠂ ᠪᠠᠭ᠎ᠠ ᠰᠠᠭ᠎ᠠ ᠵᠣᠭᠤᠰ ᠣᠯᠵᠤ ᠪᠣᠯᠤᠨ᠎ᠠ᠂ ᠲᠩᠷᠢ ᠪᠦᠷᠬᠦᠭ ᠪᠣᠷᠣᠭᠠᠨ ᠣᠷᠣᠪᠠᠯ ᠠᠵᠢᠯ ᠬᠢᠬᠦ ᠭᠠᠵᠠᠷ ᠲᠠᠢ᠂ ᠡᠳᠦᠷ ᠲᠤ 120 ᠲᠥᠭᠦᠷᠢᠭ ᠤᠨ ᠴᠠᠯᠢᠩ ᠥᠭᠲᠡᠭ ᠶᠤᠮ︾ ᠭᠡᠵᠦ ᠬᠡᠯᠡᠵᠡᠶ᠃ ︽ᠮᠠᠨ ᠤ ᠭᠠᠴᠠᠭ᠎ᠠ ᠡᠶᠢᠮᠦ ᠬᠦᠯᠡᠮᠵᠢ ᠶᠢ ᠲᠠᠷᠢᠪᠠᠯ ᠪᠢᠳᠡ ᠪᠠᠰᠠ ᠢᠷᠡᠵᠦ ᠠᠵᠢᠯ ᠬᠢᠵᠦ ᠪᠣᠯᠤᠨ᠎ᠠ᠂ ᠪᠠᠭ᠎ᠠ ᠰᠠᠭ᠎ᠠ ᠵᠣᠭᠤᠰ ᠣᠯᠵᠤ ᠪᠣᠯᠤᠨ᠎ᠠ᠂ ᠪᠣᠷᠣᠭᠠᠨ ᠣᠷᠣᠬᠤ ᠭᠠᠵᠠᠷ ᠪᠠᠶᠢᠪᠠᠯ ᠡᠳᠦᠷ ᠪᠦᠷᠢ 120 ᠲᠥᠭᠦᠷᠢᠭ ᠤᠨ ᠴᠠᠯᠢᠩ ᠥᠭᠲᠡᠭ᠃︾ ᠭᠡᠵᠦ ᠸᠧᠨ ᠵᠢᠶᠦ᠋ᠨ ᠯᠠᠨ ᠰᠡᠳᠬᠢᠯ ᠬᠠᠨᠤᠮᠵᠢᠲᠠᠢ ᠪᠠᠷ ᠬᠡᠯᠡᠪᠡ᠃
   ᠣᠶᠢᠯᠠᠭᠠᠭᠰᠠᠨ ᠢᠶᠠᠷ᠂ ᠯᠢᠩ ᠯᠦᠩ ᠵᠢᠵᠢᠭ ᠲᠥᠪᠡᠳ ᠬᠠᠰᠢ ᠳᠠᠷᠢᠬᠤ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠡᠷᠬᠢᠨ ᠲᠣᠭᠤᠷᠢᠨ ᠤ ᠲᠣᠰᠬᠤᠨ ᠤ ᠠᠷᠠᠳ ᠲᠤ 100 ᠭᠠᠷᠤᠶ ᠠᠵᠢᠯ ᠤᠨ ᠪᠠᠶᠢᠷᠢ ᠬᠠᠩᠭᠠᠵᠤ᠂ ᠲᠤᠬᠠᠶ ᠶᠢᠨ ᠭᠠᠵᠠᠷ ᠤᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ  ᠰᠢᠢᠳᠪᠤᠷᠢᠯᠡᠬᠦ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠪᠠᠶᠠᠵᠢᠯ ᠤᠨ ᠠᠵᠤ  ᠤᠶᠢᠯᠡᠰ ᠪᠣᠯᠤᠭᠰᠠᠨ ᠪᠠᠶᠢᠨ᠎ᠠ᠃ ᠯᠢᠦᠶ ᠯᠢ ᠶᠢᠨ ᠰᠢᠯᠢᠳᠡᠭᠴᠢᠯᠡᠨ ᠰᠣᠩᠭᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠢᠶᠠᠩ ᠬᠠᠶ ᠬᠤᠩ ᠬᠡᠯᠡᠬᠦ ᠳᠡᠭᠡᠨ᠄ ︽ᠮᠠᠨ ᠤ ᠡᠨᠡ ᠬᠦ ᠲᠥᠪᠡᠳ ᠬᠠᠰᠢ ᠶᠢᠨ ᠨᠡᠷ᠎ᠡ ᠶᠢ ᠹᠦᠱᠠᠨ 88 ᠭᠡᠳᠡᠭ᠂ ᠮᠥ ᠪᠦᠷᠢ ᠶᠢᠨ ᠭᠠᠷᠤᠯᠲᠠ ᠨᠢ ᠬᠤᠶᠠᠷ ᠲᠦᠮᠡᠨ ᠵᠢᠩ ᠣᠷᠴᠢᠮ ᠪᠠᠶᠢᠵᠤ᠂ ᠪᠣᠷᠣᠯᠠᠭᠤᠯᠬᠤ ᠦᠨ᠎ᠡ ᠨᠢ ᠪᠠᠷᠤᠭ ᠳᠥᠷᠪᠡ ᠲᠠᠪᠤᠨ ᠲᠥᠭᠦᠷᠢᠭ ᠣᠷᠴᠢᠮ ᠪᠠᠶᠢᠵᠤ᠂ ᠦᠨᠳᠦᠰᠦᠨ ᠳᠡᠭᠡᠨ ᠪᠦᠷ ᠡᠮᠦᠨᠡᠲᠦ ᠣᠷᠣᠨ ᠳᠤ ᠪᠣᠷᠣᠯᠠᠭᠤᠯᠬᠤ ᠪᠠᠷ ᠭᠤᠤᠯᠯᠠᠳᠠᠭ︾ ᠭᠡᠵᠡᠶ᠃
        ᠣᠳᠣᠬᠠᠨ ᠳᠤ᠂ ᠲᠣᠰ ᠰᠠᠭᠤᠷᠢᠨ ᠭᠠᠵᠠᠷ 70 ᠭᠠᠷᠤᠶ ᠮᠥ ᠭᠠᠵᠠᠷ ᠡᠵᠡᠯᠡᠵᠦ᠂ ᠡᠪᠦᠯ ᠤᠨ ᠳᠤᠯᠠᠭᠠᠨ ᠮᠠᠶ᠋ᠢᠭ ᠤᠨ ᠨᠡᠷᠡᠨ ᠤ ᠬᠡᠷᠡᠯ ᠤᠨ ᠬᠦᠯᠡᠮᠵᠢ ᠶᠢ 36 ᠪᠠᠶᠢᠭᠤᠯᠵᠤ᠂ ᠵᠢᠯ ᠪᠦᠷᠢ ᠶᠢᠨ 5 ᠰᠠᠷ᠎ᠠ ᠠᠴᠠ ᠡᠬᠢᠯᠡᠨ ᠵᠠᠬ᠎ᠠ ᠳᠡᠯᠭᠡᠭᠦᠷ ᠲᠤ ᠪᠣᠯᠪᠠᠰᠤᠷᠠᠩᠭᠤᠶ ᠪᠠᠷ ᠭᠠᠷᠴᠤ᠂ ᠲᠡᠭᠦᠨ ᠤ ᠲᠡᠭᠦᠬᠦ ᠬᠤᠭᠤᠴᠠᠭ᠎ᠠ ᠨᠢ ᠪᠠᠷᠤᠭ 6 ᠰᠠᠷ᠎ᠠ ᠪᠣᠯᠤᠨ᠎ᠠ᠃ ᠲᠠᠭ᠎ᠠ ᠶᠢᠨ ᠨᠠᠭᠤᠷ ᠪᠠᠯᠭᠠᠰᠤᠨ ᠤ ᠭᠠᠵᠠᠷ ᠰᠢᠷᠣᠶ ᠥᠩ ᠰᠢᠮᠡᠯᠢᠭ᠂ ᠠᠭᠤᠷ ᠠᠮᠢᠰᠬᠤᠯ ᠲᠣᠬᠢᠷᠠᠮᠵᠢᠲᠠᠶ ᠵᠡᠷᠭᠡ ᠮᠠᠰᠢ ᠣᠯᠠᠨ ᠳᠠᠪᠠᠭᠤᠯᠢᠭ ᠭᠠᠵᠠᠷ ᠵᠦᠶ ᠶᠢᠨ ᠨᠥᠬᠦᠴᠡᠯ ᠠᠴᠠ ᠪᠣᠯᠵᠣ᠂ ᠵᠢᠵᠢᠭ ᠲᠥᠪᠡᠳ ᠬᠠᠰᠢ ᠶᠢᠨ ᠥᠪᠡᠷᠮᠢᠴᠡ ᠠᠮᠲᠠ ᠪᠠ ᠪᠣᠬᠢᠷᠲᠤᠯ ᠥᠬᠡᠶ ᠴᠢᠨᠠᠷ ᠴᠢᠨᠰᠠᠭ᠎ᠠ ᠶᠢ ᠪᠣᠶ ᠪᠣᠯᠭᠠᠵᠤ᠂  ᠤᠶᠢᠯᠡᠳᠪᠤᠷᠢᠯᠡᠭᠰᠡᠨ ᠵᠢᠵᠢᠭ ᠲᠥᠪᠡᠳ ᠬᠠᠰᠢ ᠶᠢᠨ ᠥᠩᠭᠡ ᠪᠤᠳᠤᠭ ᠨᠢ ᠰᠣᠷᠭᠤᠭ ᠰᠠᠶᠢᠬᠠᠨ᠂ ᠦᠨᠦᠷ ᠠᠮᠲᠠ ᠨᠢ ᠠᠮᠲᠠᠲᠠᠶ ᠪᠠᠶᠢᠵᠤ᠂ ᠬᠥᠮᠦᠰ ᠤᠨ ᠲᠠᠭᠠᠰᠢᠶᠠᠯ ᠢ ᠶᠡᠬᠡᠳᠡ ᠣᠯᠤᠭᠰᠠᠨ ᠪᠠᠶᠢᠨ᠎ᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2