8 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠰᠢᠶᠠᠨ ᠤ 2023 ᠣᠨ ᠤ | ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠵᠢᠩᠬᠢᠨᠢ ᠪᠠᠷ ᠡᠬᠢᠯᠡᠵᠦ᠂ ᠪᠥᠬᠦ | ᠰᠢᠶᠠᠨ ᠤ ᠴᠡᠷᠢᠭ ᠲᠤ ᠡᠯᠰᠡᠭᠳᠡᠬᠦ ᠨᠠᠰᠤᠨ ᠤ 80 ᠵᠠᠯᠠᠭᠤᠴᠤᠳ ᠴᠡᠷᠢᠭ ᠲᠤ ᠣᠷᠣᠵᠤ ᠤᠯᠤᠰ ᠲᠠᠭᠠᠨ ᠬᠦᠴᠦ ᠪᠠᠨ | ᠡᠷᠭᠦᠬᠦ ᠬᠠᠯᠠᠭᠤᠨ ᠰᠡᠳᠬᠢᠯᠭᠡ ᠶᠢ ᠡᠪᠦᠷᠯᠡᠨ᠂ ᠰᠢᠶᠠᠨ ᠤ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ | ᠲᠥᠪ ᠲᠤ ᠪᠡᠶ᠎ᠡ ᠶᠢᠨ ᠪᠠᠶᠢᠴᠠᠭᠠᠯᠲᠠ ᠬᠦᠯᠢᠶᠡᠪᠡ᠃ | | | | | ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠳᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠡᠮᠬᠢ | ᠵᠢᠷᠤᠮ ᠲᠠᠢ ᠪᠠᠷ ᠭᠠᠳᠠᠷ ᠰᠠᠯᠠᠭ᠎ᠠ᠂ ᠳᠣᠲᠣᠷ ᠰᠠᠯᠠᠭ᠎ᠠ᠂ ᠲᠠᠪᠤᠨ ᠡᠷᠬᠡᠲᠡᠨ ᠤ ᠰᠠᠯᠠᠭ᠎ᠠ᠂ ᠬᠠᠷᠠᠭ᠎ᠠ᠂ ᠰᠣᠨᠣᠷ᠂ | ᠠᠮᠠᠨ ᠬᠥᠨᠳᠡᠢ ᠵᠡᠷᠭᠡ ᠲᠦᠷᠦᠯ ᠵᠦᠢᠯ ᠤᠨ ᠰᠢᠯᠭᠠᠨ ᠪᠠᠶᠢᠴᠠᠭᠠᠯᠲᠠ ᠶᠢ ᠬᠢᠵᠦ ᠪᠤᠢ᠃ ᠴᠡᠷᠢᠭ ᠡᠯᠰᠡᠬᠦ ᠠᠵᠢᠯ ᠳᠤ | ᠬᠢᠨᠠᠯᠲᠠ ᠲᠠᠯᠪᠢᠭᠴᠢ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠴᠡᠷᠢᠭ ᠡᠯᠰᠡᠬᠦ ᠡᠯ᠎ᠡ | ᠭᠤᠭᠴᠤᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠪᠠ᠃ ᠡᠯ᠎ᠡ ᠪᠡᠶ᠎ᠡ ᠶᠢᠨ ᠪᠠᠶᠢᠴᠠᠭᠠᠯᠲᠠ ᠶᠢᠨ ᠡᠮᠨᠡᠯᠭᠡ ᠶᠢᠨ | ᠠᠵᠢᠯᠲᠠᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠡᠶ᠎ᠡ ᠶᠢᠨ | ᠪᠠᠶᠢᠴᠠᠭᠠᠯᠲᠠ ᠳᠤ ᠣᠷᠣᠯᠴᠠᠬᠤ ᠪᠠᠷ ᠢᠷᠡᠭᠰᠡᠨ ᠴᠡᠷᠢᠭ ᠲᠤ ᠡᠯᠰᠡᠭᠳᠡᠬᠦ ᠵᠠᠯᠠᠭᠤᠴᠤᠳ ᠨᠢᠭᠡᠪᠦᠷᠢ ᠳᠤ ᠨᠠᠷᠢᠨ ᠨᠢᠮᠪᠠᠶ | ᠪᠠᠶᠢᠴᠠᠭᠠᠯᠲᠠ ᠬᠢᠵᠦ᠂ ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠨᠢᠭᠡᠪᠦᠷᠢ ᠶᠢ ᠬᠢᠨᠠᠮᠠᠭᠠᠶ ᠰᠠᠶᠢᠲᠤᠷ ᠠᠳᠬᠤᠬᠤ | ᠬᠡᠷᠡᠭᠲᠡᠶ᠃ ᠲᠣᠰ ᠤᠳᠠᠭᠠᠨ ᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠯ᠎ᠡ ᠭᠤᠭᠴᠤᠭ᠎ᠠ ᠶᠢᠨ ᠶᠠᠪᠤᠴᠠ ᠨᠢ | ᠵᠢᠷᠤᠮᠵᠢᠯ ᠲᠠᠢ᠂ ᠡᠮᠬᠢ ᠵᠢᠷᠤᠮ ᠲᠠᠢ ᠪᠠᠶᠢᠵᠤ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠬᠠᠯᠠᠭᠤᠨ ᠰᠡᠳᠬᠢᠯᠭᠡ | ᠣᠷᠭᠢᠯᠣᠨ ᠪᠠᠳᠠᠷᠠᠵᠤ᠂ ᠵᠢᠭᠠᠨ ᠲᠣᠭᠲᠠᠭᠠᠭᠰᠠᠨ ᠵᠤᠶᠢᠯᠡᠰ ᠤᠨ ᠪᠠᠶᠢᠴᠠᠭᠠᠯᠲᠠ ᠳᠤ ᠢᠳᠡᠪᠬᠢᠲᠡᠶ ᠬᠠᠮᠵᠢᠯᠴᠠᠨ᠂ ᠲᠠᠰ | ᠳᠠᠷᠠᠭᠠᠯᠠᠯ ᠲᠠᠢ ᠪᠠᠷ ᠣᠷᠣᠯᠴᠠᠬᠤ ᠪᠣᠯᠤᠨ᠎ᠠ᠃ ᠴᠡᠷᠢᠭ ᠲᠤ ᠡᠯᠰᠡᠭᠳᠡᠭᠰᠡᠨ ᠵᠠᠯᠠᠭᠤ ᠵᠠᠩ ᠯᠢ ᠭᠠᠩ᠄ ︽ᠴᠡᠷᠢᠭ ᠲᠤ | ᠣᠷᠣᠬᠤ ᠪᠣᠯ ᠲᠦᠢᠯ ᠤᠨ ᠢᠷᠠᠭᠤ ᠠᠯᠳᠠᠷᠲᠠᠢ ᠶᠠᠪᠤᠳᠠᠯ ᠶᠤᠮ᠂ ᠮᠢᠨᠦ ᠪᠠᠭ᠎ᠠ ᠠᠴᠠ ᠪᠠᠨ ᠶᠡᠭᠡ ᠪᠣᠯᠤᠭᠰᠠᠨ ᠬᠦᠰᠡᠯ | ᠪᠣᠯ ᠳᠠᠷᠤᠢ ᠨᠢᠭᠡᠨ ᠴᠡᠷᠢᠭ ᠬᠥᠮᠦᠨ ᠪᠣᠯᠬᠤ ᠶᠠᠪᠤᠳᠠᠯ ᠪᠣᠯᠤᠨ᠎ᠠ᠂ ᠨᠢᠳᠤᠨᠤᠨ ᠤ 8 ᠰᠠᠷ᠎ᠠ ᠠᠴᠠ ᠤᠳᠤ ᠪᠣᠯᠲᠠᠯᠠᠬᠢ | ᠵᠢᠯ ᠭᠠᠷᠤᠢ ᠶᠢᠨ ᠬᠤᠭᠤᠴᠠᠭᠠᠨ ᠳᠤ᠂ ᠪᠢ ᠡᠳᠦᠷ ᠪᠦᠷᠢ ᠪᠡᠶ᠎ᠡ ᠪᠠᠨ ᠳᠠᠪᠲᠠᠨ ᠪᠣᠯᠪᠠᠰᠤᠷᠠᠭᠤᠯᠬᠤ ᠶᠢ ᠪᠠᠷᠢᠮᠲᠠᠯᠠᠵᠤ᠂ | ᠥᠪᠡᠷ ᠢ ᠪᠠᠨ ᠠᠮᠵᠢᠯᠲᠠ ᠲᠠᠢ ᠪᠠᠷ ᠰᠢᠯᠢᠨ ᠰᠣᠩᠭᠤᠵᠤ᠂ ᠥᠪᠡᠷ ᠤᠨ ᠴᠡᠷᠢᠭ ᠤᠨ ᠵᠡᠭᠦᠳᠦ ᠪᠠᠨ ᠲᠡᠷᠭᠡᠯᠰᠢᠭᠦᠯᠬᠦ ᠶᠢ | ᠬᠦᠰᠡᠵᠦ ᠪᠠᠶᠢᠨ᠎ᠠ︾ ᠭᠡᠵᠦ ᠬᠡᠯᠡᠪᠡ᠃ | | | | | | | | | | | | | | ᠣᠶᠢᠯᠠᠭᠠᠭᠰᠠᠨ ᠢᠶᠠᠷ᠂ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠶᠠᠮᠤᠨ ᠤᠯᠤᠰ ᠤᠨ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ | ᠴᠢᠩᠭ᠎ᠠ ᠵᠢᠷᠤᠮᠯᠠᠨ᠂ ᠡᠯ᠎ᠡ ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠳᠠᠶᠢᠴᠢᠯᠠᠯᠲᠠ ᠶᠢ | ᠥᠷᠭᠡᠨ ᠢᠶᠠᠷ ᠥᠷᠨᠢᠭᠦᠯᠵᠦ᠂ ᠵᠣᠬᠢᠬᠤ ᠨᠠᠰᠤᠨ ᠤ ᠵᠠᠯᠠᠭᠤᠴᠤᠳ ᠤᠨ ᠢᠳᠡᠪᠬᠢᠲᠡᠶ ᠪᠠᠷ ᠴᠡᠷᠢᠭ ᠲᠤ ᠣᠷᠣᠬᠤ ᠪᠠᠷ | ᠨᠡᠷ᠎ᠡ ᠮᠡᠳᠡᠭᠦᠯᠬᠦ ᠶᠢ ᠢᠳᠡᠪᠬᠢᠲᠡᠶ ᠵᠣᠷᠢᠭᠵᠢᠭᠤᠯᠵᠤ᠂ ᠴᠡᠷᠢᠭ ᠡᠯᠰᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠰᠢᠶᠠᠨ ᠤ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭᠠᠨ ᠤ ᠱᠲ᠋ᠠᠪᠴᠢ ᠯᠢ ᠷᠦ᠄ ︽ᠳᠠᠷᠠᠭᠠᠴᠢ ᠶᠢᠨ | ᠠᠯᠬᠤᠮ ᠳᠤ᠂ ᠮᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠦᠷᠭᠦᠯᠵᠢᠯᠡᠨ ᠨᠡᠩ ᠥᠨᠳᠥᠷ ᠪᠠᠷᠢᠮᠵᠢᠶ᠎ᠠ᠂ | ᠨᠡᠩ ᠴᠢᠩᠭ᠎ᠠ ᠱᠠᠭᠠᠷᠳᠠᠯᠭ᠎ᠠ ᠶᠣᠰᠣᠭᠠᠷ ᠴᠡᠷᠢᠭ ᠡᠯᠰᠡᠬᠦ ᠠᠵᠢᠯ ᠢ ᠰᠠᠶᠢᠲᠤᠷ ᠠᠳᠬᠤᠵᠤ᠂ ᠪᠡᠶ᠎ᠡ ᠮᠠᠬᠠᠪᠣᠳ ᠤᠨ | ᠨᠥᠬᠦᠴᠡᠯ ᠰᠠᠶᠢᠨ᠂ ᠰᠣᠶᠣᠯ ᠤᠨ ᠲᠦᠪᠰᠢᠨ ᠥᠨᠳᠥᠷ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠷ ᠴᠢᠩᠭ᠎ᠠ | ᠰᠢᠯᠢᠳᠡᠭ ᠵᠠᠯᠠᠭᠤᠴᠤᠳ ᠢ ᠴᠡᠷᠢᠭ ᠠᠩᠬᠢ ᠳᠤ ᠬᠦᠷᠭᠡᠬᠦ ᠶᠢ ᠪᠠᠲᠤᠯᠠᠨ᠎ᠠ︾ ᠭᠡᠵᠦ ᠬᠡᠯᠡᠪᠡ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |