8 ᠰᠠᠷ᠎ᠠ ᠶᠢᠨ 15 ᠤ ᠡᠳᠦᠷ᠂ ᠮᠠᠨ ᠤ ᠰᠢᠶᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠣᠶᠤᠨᠴᠢ | ᠶᠡᠷᠦᠩᠬᠡᠶᠢᠯᠡᠭᠰᠡᠨ ᠬᠠᠮᠢᠶᠠᠷᠤᠯᠲᠠ ᠶᠢ ᠳᠥᠯᠭᠢᠨ ᠠᠬᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ | ᠰᠢᠶᠠᠨ ᠤ ᠤᠳᠤᠷᠢᠳᠤᠯᠭ᠎ᠠ ᠶᠠᠩ ᠬᠤᠩ ᠬᠤᠷᠠᠯ ᠳᠤ ᠣᠷᠣᠯᠴᠠᠪᠠ᠃ | | | | | ᠬᠤᠷᠠᠯ ᠠᠴᠠ ︽ᠯᠢᠶᠠᠩᠴᠧᠩ ᠰᠢᠶᠠᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠣᠶᠤᠨᠴᠢ | ᠶᠡᠷᠦᠩᠬᠡᠶᠢᠯᠡᠭᠰᠡᠨ ᠬᠠᠮᠢᠶᠠᠷᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠪᠡ︔ | ᠬᠤᠷᠠᠯ ᠠᠴᠠ᠂ ᠡᠯ᠎ᠡ ᠰᠢᠶᠠᠩ ᠪᠠᠯᠭᠠᠰᠤ᠂ ᠨᠡᠶᠢᠭᠡᠮ ᠲᠣᠭᠤᠷᠢᠭ ᠪᠣᠯᠤᠨ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ | ᠂ ᠡᠯ᠎ᠡ ᠰᠤᠷᠭᠠᠭᠤᠯᠢ᠂ ᠡᠯ᠎ᠡ ᠴᠠᠬᠢᠯᠭᠠᠨ ᠬᠥᠳᠡᠯᠭᠡᠭᠦᠷᠲᠦ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠺᠠᠳ᠋ᠷ ᠠᠵᠢᠯᠳᠠᠨ ᠠᠵᠢᠯᠴᠢᠨ ᠲᠦᠷᠦᠭᠦᠯᠡᠨ ᠤᠷᠢᠳᠠᠪᠠᠷ | ᠬᠡᠷᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤᠨ ᠤ ᠵᠡᠭᠡᠯᠢ | ᠭᠤᠳᠤᠮᠵᠢ᠂ ᠡᠯ᠎ᠡ ᠰᠤᠷᠭᠠᠭᠤᠯᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠠᠬᠢᠯᠭᠠᠨ | ᠬᠥᠳᠡᠯᠭᠡᠭᠦᠷᠲᠦ ᠲᠡᠷᠭᠡᠨ ᠤ ᠫᠠᠶᠢᠰᠠ ᠶᠢ ᠪᠦᠬᠦᠨ ᠢ ᠭᠠᠷᠭᠠᠵᠤ᠂ ᠶᠠᠪᠤᠵᠤ ᠰᠠᠭᠤᠬᠤ ᠳᠤᠭᠤᠯᠠᠭ᠎ᠠ ᠶᠢ ᠪᠦᠬᠦᠨ ᠢ | ᠵᠡᠭᠦᠬᠦ ᠬᠡᠷᠡᠭᠲᠡᠢ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠪᠠᠷᠢᠮᠵᠢᠶ᠎ᠠ ᠪᠤᠰᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ | ᠦᠯᠡᠳᠡᠭᠡᠯ ᠬᠡᠮᠵᠢᠶ᠎ᠡ ᠶᠢ ᠰᠢᠩᠭᠡᠭᠡᠵᠦ᠂ ᠪᠠᠷᠢᠮᠵᠢᠶ᠎ᠠ ᠪᠤᠰᠤ ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ ᠬᠡᠷᠡᠭᠲᠡᠶ︔ ᠡᠯ᠎ᠡ | ᠰᠤᠷᠭᠠᠭᠤᠯᠢ ᠶᠢᠨ ᠬᠢᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠶᠡᠷᠦᠩᠬᠡᠶᠢᠯᠡᠨ ᠵᠠᠰᠠᠬᠤ ᠠᠵᠢᠯ ᠢ ᠰᠣᠷᠣᠭᠴᠢ ᠶᠢᠨ | ᠬᠡᠷ ᠤᠨ ᠠᠬᠠᠮᠠᠳ ᠨᠢᠭᠡᠪᠦᠷᠢ ᠳᠤ ᠤᠯᠠᠮᠵᠢᠯᠠᠵᠤ ᠥᠭᠬᠦ ᠬᠡᠷᠡᠭᠲᠡᠶ᠂ ᠭᠠᠳᠠᠭᠰᠢ ᠭᠠᠷᠬᠤ ᠳᠤ ᠡᠷᠬᠡᠪᠰᠢ ᠫᠠᠶᠢᠰᠠ ᠲᠠᠢ | ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠵᠤ᠂ ᠳᠤᠭᠤᠯᠠᠭ᠎ᠠ ᠪᠠᠨ ᠰᠠᠶᠢᠲᠤᠷ ᠵᠡᠭᠦᠬᠦ ᠬᠡᠷᠡᠭᠲᠡᠶ᠃ | ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠲᠦᠷᠦᠭᠦᠯᠡᠵᠦ᠂ ᠬᠠᠮ ᠵᠠᠭᠤᠴᠢᠯᠠᠭᠤᠷ ᠤᠨ ᠲᠥᠪ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ | ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠥᠷᠭᠡᠨ ᠢᠶᠠᠷ ᠤᠬᠠᠭᠤᠯᠬᠤ ᠪᠠᠷ ᠳᠠᠮᠵᠢᠭᠤᠯᠤᠨ᠂ ᠬᠥᠮᠦᠨ ᠪᠦᠬᠦᠨ ᠤ ᠮᠡᠳᠡᠵᠦ ᠪᠠᠶᠢᠬᠤ ᠶᠢ ᠪᠡᠶᠡᠯᠡᠭᠦᠯᠵᠦ᠂ | ᠴᠠᠬᠢᠯᠭᠠᠨ ᠬᠥᠳᠡᠯᠭᠡᠭᠦᠷᠲᠦ ᠲᠡᠷᠭᠡ ᠶᠢ ᠫᠠᠶᠢᠰᠠᠨ ᠳᠤ ᠲᠡᠮᠳᠡᠭᠯᠡᠭᠦᠯᠬᠦ ᠵᠢᠴᠢ ᠦᠷᠭᠦᠯᠵᠢᠯᠡᠨ ᠵᠠᠰᠠᠬᠤ ᠠᠵᠢᠯ ᠤᠨ ᠪᠡᠷᠬᠡ | ᠰᠡᠳᠦᠪ ᠢ ᠰᠢᠢᠳᠪᠤᠷᠢᠯᠡᠬᠦ ᠲᠠᠶᠢᠨ ᠢ ᠦᠳᠲᠡᠷ ᠲᠦᠷᠭᠡᠨ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠫᠠᠶᠢᠰᠠ | ᠦᠨᠡᠮᠯᠡᠯ ᠦᠭᠡᠢ ᠪᠠᠷ᠂ ᠳᠤᠷ᠎ᠠ ᠪᠠᠷ ᠢᠶᠠᠨ ᠶᠠᠪᠤᠵᠤ ᠳᠤᠷ᠎ᠠ ᠪᠠᠷ ᠢᠶᠠᠨ ᠵᠣᠭᠰᠣᠵᠤ ᠳᠤᠷ᠎ᠠ ᠪᠠᠷ ᠢᠶᠠᠨ ᠲᠠᠯᠪᠢᠬᠤ ᠵᠡᠷᠭᠡ | ᠡᠯ᠎ᠡ ᠵᠦᠢᠯ ᠤᠨ ᠡᠷᠦᠶ ᠬᠤᠷᠤᠶ ᠦᠭᠡᠢ ᠦᠵᠡᠭᠳᠡᠯ ᠢ ᠲᠦᠢᠯᠪᠤᠷᠢᠲᠠᠶ ᠰᠢᠢᠳᠪᠤᠷᠢᠯᠡᠵᠦ᠂ ᠪᠦᠬᠦ ᠰᠢᠶᠠᠨ ᠤ ᠠᠷᠠᠳ | ᠲᠦᠮᠡᠨ ᠳᠤ ᠠᠮᠤᠷ ᠲᠦᠪᠰᠢᠨ ᠡᠮᠬᠢ ᠵᠢᠷᠤᠮ ᠲᠠᠢ᠂ ᠰᠠᠭᠠᠳ ᠦᠭᠡᠢ ᠪᠥᠭᠡᠳ ᠲᠠᠭᠠᠯᠠᠮᠵᠢᠲᠠᠶ ᠵᠠᠮ ᠬᠠᠷᠢᠯᠴᠠᠭᠠᠨ ᠤ | ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |