ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠯᠢᠶᠠᠩᠴᠧᠩ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/15
   ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ ᠪᠠ ᠦᠨᠳᠦᠰᠦᠨ ᠱᠠᠲᠤᠨ ᠤ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠂ ᠮᠠᠨ ᠤ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠵᠢᠷᠤᠮᠵᠢᠭᠰᠠᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠬᠤᠷᠢᠭ᠎ᠠ ᠱᠤᠭᠤᠮ ᠢ ᠰᠠᠬᠢᠵᠤ᠂ ᠠᠷᠠᠳ ᠤᠨ ᠠᠮᠢᠳᠤᠷᠠᠯ ᠢ ᠪᠠᠲᠤᠯᠠᠬᠤ︾ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠢᠨᠠᠨ ᠪᠤᠳᠤᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ  ᠵᠤᠶᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ 8 ᠰᠠᠷ᠎ᠠ ᠶᠢᠨ 15 ᠤ ᠡᠳᠦᠷ᠂ ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ ᠬᠢᠨᠠᠨ ᠪᠤᠳᠤᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠯᠢᠶᠠᠩᠴᠧᠩ ᠰᠢᠶᠠᠨ ᠳᠤ ᠶᠠᠪᠤᠭᠳᠠᠪᠠ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠯᠧᠺᠲ᠋ᠣᠷ ᠨᠠᠷ ᠰᠢᠰᠲ᠋ᠧᠮ ᠲᠠᠢ ᠲᠠᠶᠢᠯᠤᠮᠵᠢ ᠬᠢᠬᠦ᠂ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ  ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ᠂ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ  ᠤᠶᠢᠯᠡᠴᠢᠯᠡᠭᠡ ᠶᠢ ᠬᠤᠳᠠᠯᠳᠤᠨ ᠠᠪᠬᠤ ᠠᠵᠢᠯ ᠢ ᠵᠢᠷᠤᠮᠵᠢᠭᠤᠯᠤᠨ ᠥᠷᠨᠢᠭᠦᠯᠬᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠤᠶᠤᠨᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠪᠠ ᠮᠡᠳᠡᠭᠡ ᠵᠠᠩᠭᠢ ᠶᠢᠨ ᠠᠮᠤᠷ ᠲᠦᠪᠰᠢᠨ ᠵᠢᠴᠢ ᠨᠢᠭᠤᠴᠠ ᠶᠢ ᠬᠠᠮᠠᠭᠠᠯᠠᠬᠤ ᠵᠡᠷᠭᠡ ᠠᠭᠤᠯᠭ᠎ᠠ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ︔ ᠬᠤᠷᠠᠯ ᠳᠡᠭᠡᠷ᠎ᠡ᠂ ᠯᠢᠶᠠᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ 2023 ᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠨ ᠤ ᠳᠠᠬᠢᠨ ᠬᠢᠨᠠᠵᠤ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠨᠡᠶᠢᠲᠡᠯᠢᠭ ᠲᠤᠷᠰᠢᠯᠭ᠎ᠠ ᠶᠢᠨ ᠶᠠᠷᠢᠶ᠎ᠠ ᠲᠠᠯᠪᠢᠪᠠ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠨᠢ ᠥᠷᠭᠡᠨ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠦᠨᠳᠦᠰᠦᠨ ᠱᠠᠲᠤᠨ ᠤ ᠺᠠᠳ᠋ᠷᠴᠤᠳ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠨᠠᠷᠢᠯᠢᠭ ᠣᠨᠣᠴᠠᠲᠠᠶ ᠪᠠᠷ ᠠᠪᠤᠷᠠᠨ ᠲᠤᠰᠠᠯᠠᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠷᠠᠯ ᠠᠴᠠ ᠪᠠᠰᠠ ᠬᠢᠨᠠᠨ ᠪᠤᠳᠤᠬᠤ ᠪᠠ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠵᠢᠴᠢ ᠳᠣᠣᠷ᠎ᠠ ᠬᠠᠭᠠᠰ ᠵᠢᠯ ᠤᠨ ᠪᠦᠬᠦ ᠬᠤᠳᠠ ᠶᠢᠨ ᠨᠡᠶᠢᠭᠡᠮ ᠤᠨ ᠠᠪᠤᠷᠠᠨ ᠲᠤᠰᠠᠯᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠳᠡᠳ᠋ ᠳᠠᠷᠤᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠪ ᠤᠨ ᠡᠷᠬᠢᠯᠡᠭᠴᠢ᠂ ᠮᠡᠳᠡᠭᠡ ᠵᠠᠩᠭᠢ ᠶᠢ ᠬᠠᠷᠭᠤᠭᠤᠯᠬᠤ ᠠᠵᠢᠯᠲᠠᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠶᠢ ᠭᠠᠷᠲᠠᠨ ᠬᠢᠭᠴᠢ ᠵᠢᠴᠢ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠪᠤᠷᠠᠨ ᠲᠤᠰᠠᠯᠠᠬᠤ ᠬᠠᠷᠢᠭᠤᠴᠠᠯᠭᠠᠲᠠᠨ ᠤ ᠨᠡᠶᠢᠲᠡ 180 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃                                              ᠨᠠᠶᠢᠷᠠᠭᠤᠯᠤᠭᠴᠢ᠄   ᠶᠠᠩ  ᠿᠦᠢ ᠵᠧᠨ                                              ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2