ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠢᠯᠭᠠᠨ ᠲᠣᠭᠲᠠᠭᠠᠵᠤ ᠰᠢᠯᠭᠠᠨ ᠠᠪᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠬᠤᠲᠠ ᠶᠢᠨ ᠱᠠᠲᠤᠨ ᠠᠴᠠ ᠳᠡᠭᠡᠭᠰᠢᠬᠢ ᠪᠣᠯᠪᠠᠰᠤᠨ ᠨᠢᠭᠡᠴᠡ᠂ ᠪᠣᠯᠪᠠᠰᠤᠨ ᠲᠣᠰᠬᠤᠨ ᠪᠠᠯᠭᠠᠰᠤ ᠪᠣᠯᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠰᠢᠯᠭᠠᠨ‌‍ᠪᠠᠶᠢᠴᠠᠭᠠᠪᠠ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 16 ᠤ ᠡᠳᠦᠷ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠢᠯᠭᠠᠨ ᠲᠣᠭᠲᠠᠭᠠᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠬᠤᠲᠠ ᠶᠢᠨ ᠱᠠᠲᠤᠨ ᠠᠴᠠ ᠳᠡᠭᠡᠭᠰᠢᠬᠢ ᠪᠣᠯᠪᠠᠰᠤᠨ ᠨᠢᠭᠡᠴᠡ᠂ ᠪᠣᠯᠪᠠᠰᠤᠨ ᠲᠣᠰᠬᠤᠨ ᠪᠠᠯᠭᠠᠰᠤ ᠪᠣᠯᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠰᠢᠯᠭᠠᠨ ᠪᠠᠶᠢᠴᠠᠭᠠᠵᠤ ᠪᠠᠶᠢᠭ᠎ᠠ ᠨᠢ᠃    ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠮᠠᠨ ᠤ ᠰᠢᠶᠠᠨ ᠤ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠡ᠃ ᠡᠯ᠎ᠡ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠪᠣᠯᠪᠠᠰᠤᠨ ᠲᠣᠰᠬᠤᠨ ᠪᠠᠯᠭᠠᠰᠤ ᠨᠤᠭᠤᠳ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃    ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠩ ᠮᠤᠤ ᠡᠮ ᠤᠨ ᠦᠢᠯᠡᠰ ᠵᠡᠷᠭᠡ ᠭᠠᠵᠠᠷ ᠲᠤ ᠂ ᠰᠢᠯᠭᠠᠨ ᠠᠪᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠰᠢᠯᠭᠠᠨ ᠲᠣᠭᠲᠠᠭᠠᠯᠲᠠ ᠬᠢᠵᠡᠢ᠃    ᠰᠢᠯᠭᠠᠨ ᠠᠪᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡᠴᠢᠯᠡᠨ ᠮᠠᠨ ᠤ ᠰᠢᠶᠠᠨ ᠤ ᠬᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠤᠳᠤ ᠶᠢᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤᠵᠢᠯᠲᠠ ᠶᠢ ᠪᠠᠲᠤᠯᠠᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠪᠡ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2