8 ᠰᠠᠷ᠎ᠠ ᠶᠢᠨ 16 ᠤ ᠡᠳᠦᠷ᠂ ᠰᠢᠶᠠᠨ ᠤ ᠵᠠᠰᠠᠭ ᠤᠨ ᠣᠷᠳᠣᠨ ᠪᠣᠯᠤᠨ ᠪᠡᠭᠡᠵᠢᠩ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠶᠢᠭᠡᠮᠯᠢᠭ ᠤᠨ ᠰᠢᠨ᠎ᠡ ᠶᠢ ᠡᠭᠦᠳᠬᠦ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠬᠤᠷᠠᠭᠤᠯᠬᠤ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠦᠷᠦᠯ ᠵᠦᠢᠯ ᠢ | ᠵᠣᠯᠭᠠᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠵᠧᠩ ᠳ᠋ᠦᠩ ᠫᠢᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ | ᠬᠤᠷᠠᠭᠤᠯᠬᠤ ᠬᠦᠯᠡᠮᠵᠢ ᠶᠢᠨ ᠬᠡᠢ ᠪᠡᠶᠡᠲᠦ ᠶᠢᠨ ᠰᠠᠶᠢᠨ ᠳᠤᠷ᠎ᠠ ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠲᠦᠷᠦᠯ ᠵᠦᠢᠯ ᠤᠨ ᠵᠥᠪᠯᠡᠯᠭᠡ ᠥᠭᠬᠦ ᠦᠢᠯᠡᠴᠢᠯᠡᠭᠡᠨ ᠤ ᠨᠠᠶᠢᠳᠠᠯᠭ᠎ᠠ ᠶᠢᠨ ᠭᠡᠷ᠎ᠡ ᠶᠢ | ᠰᠤᠳᠤᠯᠤᠨ ᠶᠠᠷᠢᠯᠴᠠᠪᠠ᠃ | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠲᠤᠪᠤᠶᠢᠮ᠎ᠠ ᠪᠠᠶᠢᠷᠢᠨ ᠳᠤ ᠲᠠᠯᠪᠢᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ | ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠲᠠᠷᠢᠬᠢᠨ ᠳᠠᠭᠠᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠤᠢ ᠰᠢᠭᠤᠢ ᠪᠠ ᠨᠤᠲᠤᠭ ᠪᠡᠯᠴᠢᠭᠡᠷ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠠᠨ | ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠠᠢ᠃ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ | ᠠᠭᠤᠯᠠ ᠶᠢ ᠪᠢᠲᠡᠭᠦᠮᠵᠢᠯᠡᠨ ᠤᠢ ᠰᠢᠭᠤᠶ ᠶᠢ ᠪᠤᠶᠢᠵᠢᠭᠤᠯᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠮᠢ | ᠠᠬᠤᠶ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠡᠭᠡ ᠣᠷᠣᠨ ᠤ ᠤᠮᠠᠷᠠᠲᠤ ᠬᠢᠯᠢ ᠶᠢᠨ | ᠲᠦᠮᠡᠨ ᠭᠠᠵᠠᠷ ᠤᠨ ᠨᠣᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ | ᠃ | ᠬᠠᠮᠲᠤᠷᠠᠯᠴᠠᠭᠠᠨ ᠤ ᠬᠤᠶᠠᠷ ᠲᠠᠯ᠎ᠠ ᠪᠠᠷ ᠢᠶᠠᠨ ᠪᠠᠰᠠ ᠨᠥᠬᠦᠷᠰᠡᠭ ᠢᠶᠠᠷ ᠬᠠᠮᠲᠤᠷᠠᠯᠴᠠᠬᠤ᠂ ᠬᠠᠷᠢᠯᠴᠠᠨ | ᠠᠰᠢᠭᠲᠠᠢ ᠬᠠᠷᠢᠯᠴᠠᠨ ᠠᠰᠢᠭ ᠬᠦᠷᠲᠡᠭᠡᠬᠦ᠂ ᠬᠠᠮᠲᠤᠪᠠᠷ ᠬᠥᠭᠵᠢᠬᠦ᠂ ᠬᠠᠮᠵᠢᠯᠴᠠᠨ ᠬᠠᠮᠲᠤᠪᠠᠷ ᠠᠰᠢᠭ ᠬᠦᠷᠳᠡᠬᠦ | ᠵᠠᠷᠴᠢᠮ ᠢᠶᠠᠷ᠂ ᠤᠯᠤᠯᠴᠠᠭ᠎ᠠ ᠵᠥᠪᠳᠡᠯᠴᠡᠭᠡ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠪᠠᠷᠢᠮᠲᠠᠯᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠤ ᠤᠢ ᠰᠢᠭᠤᠢ ᠶᠢᠨ ᠦᠢᠯᠡᠰ ᠤᠨ | ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠡᠳ᠋ ᠬᠦᠷᠦᠩᠭᠡ ᠶᠢ ᠬᠠᠮᠲᠤᠷᠠᠯᠴᠠᠨ ᠨᠡᠭᠡᠭᠡᠨ ᠬᠥᠭᠵᠢᠭᠦᠯᠬᠦ ᠶᠢ | ᠲᠦᠷᠭᠡᠳᠬᠡᠨ ᠠᠬᠢᠭᠤᠯᠵᠤ᠂ ᠡᠷᠬᠢᠨ ᠲᠣᠭᠤᠷᠢᠨ ᠤ ᠬᠢᠨ ᠢᠶᠠᠨ ᠦᠨᠡᠨᠬᠦ ᠨᠡᠩ ᠤᠯᠠᠨ ᠪᠣᠬᠢᠷᠲᠤᠯ ᠦᠬᠡᠢ ᠪᠣᠯᠭᠠᠵᠤ᠂ | ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠣᠷᠣᠨ ᠨᠤᠲᠤᠭ ᠤᠨ ᠨᠡᠶᠢᠭᠡᠮ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠰᠢᠨ᠎ᠡ ᠰᠤᠳᠠᠰᠤ ᠪᠣᠯᠭᠠᠨ᠎ᠠ ᠭᠡᠵᠦ ᠢᠯᠡᠳᠬᠡᠪᠡ᠃ | ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |