ᠵᠢᠶᠠᠩᠰᠦ ᠶᠢᠨ ᠯᠢᠦᠶ ᠭᠠᠩ ᠪᠦᠯᠦᠭᠯᠡᠯ ᠮᠠᠨ ᠤ ᠰᠢᠶᠠᠨ ᠳᠤ ᠢᠷᠡᠵᠦ ᠲᠥᠷᠥᠯ ᠵᠤᠶᠢᠯ ᠤᠨ ᠰᠢᠨᠵᠢᠯᠡᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2023/8/17
   8 ᠰᠠᠷ᠎ᠠ ᠶᠢᠨ 16 ᠤ ᠡᠳᠦᠷ᠂ ᠵᠢᠶᠠᠩᠰᠦ ᠶᠢᠨ ᠯᠢᠦᠶ ᠭᠠᠩ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠸᠧᠨ ᠬᠤ᠋ ᠨᠠᠷ ᠮᠠᠨ ᠤ ᠰᠢᠶᠠᠨ ᠳᠤ ᠬᠦᠷᠴᠦ ᠥᠪᠥᠷ ᠮᠣᠩᠭᠤᠯ ᠤᠨ ᠵᠢᠩ ᠳ᠋ᠦᠩ ᠤᠨ ᠤᠶᠤᠨᠲᠤ ᠲᠠᠷᠢᠶᠠᠯᠠᠩ ᠤᠨ  ᠵᠢᠱᠢᠶ᠎ᠡ ᠦᠵᠡᠭᠦᠯᠬᠦ ᠬᠦᠷᠢᠶᠡᠯᠡᠩ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠵᠣᠯᠭᠠᠭᠤᠯᠤᠨ ᠰᠣᠯᠢᠯᠴᠠᠪᠠ᠃ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠹᠧᠩ ᠵᠢᠶᠦ᠋ᠨ ᠣᠷᠣᠯᠴᠠᠪᠠ᠃    ᠯᠢ ᠸᠧᠨ ᠬᠤ᠋ ᠨᠠᠷ  ᠲᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ᠲᠠᠷᠢᠶᠠᠯᠠᠩ ᠤᠨ  ᠵᠢᠱᠢᠶ᠎ᠡ ᠦᠵᠡᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠨ ᠤ ᠰᠢᠶᠠᠨ ᠤ ᠲᠠᠷᠢᠶᠠᠯᠠᠩ ᠤᠨ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠣᠷᠴᠢᠨ ᠲᠣᠭᠤᠷᠢᠨ᠂ ᠦᠢᠯᠡᠳᠪᠦᠷᠢᠯᠡᠯ ᠤᠨ ᠨᠥᠬᠦᠴᠡᠯ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠨᠠᠷᠢᠨ ᠣᠶᠢᠯᠠᠭᠠᠪᠠ᠃ ᠳᠠᠷᠠᠭ᠎ᠠ ᠪᠠᠷ ᠨᠢ ᠪᠠᠰᠠ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠯᠢ ᠸᠧᠨ ᠬᠤ᠋ ᠮᠠᠨ ᠤ ᠰᠢᠶᠠᠨ ᠤ ᠤᠢᠢᠷ᠎ᠠ ᠶᠢᠨ ᠵᠢᠯ ᠤᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠳᠡᠭᠡᠳᠦ  ᠬᠡᠮᠵᠢᠶ᠎ᠡ ᠪᠠᠷ ᠦᠨᠡᠯᠡᠵᠦ᠂ ᠮᠠᠨ ᠤ ᠰᠢᠶᠠᠨ ᠤ ᠬᠥᠳᠡᠭᠡ ᠠᠵᠤ ᠠᠬᠤᠢ ᠶᠢᠨ ᠰᠠᠭᠤᠷᠢ ᠨᠥᠬᠦᠴᠡᠯ ᠰᠠᠶᠢᠨ᠂ ᠬᠥᠭᠵᠢᠯᠲᠡ ᠲᠦᠷᠭᠡᠨ ᠪᠠᠶᠢᠨ᠎ᠠ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠦᠵᠡᠪᠡ᠃    ᠵᠧᠩ ᠳ᠋ᠦᠩ ᠫᠢᠩ᠂ ᠬᠤᠶᠠᠷ ᠲᠠᠯ᠎ᠠ ᠪᠠᠷ ᠢᠶᠠᠨ ᠬᠠᠮᠲᠤᠪᠠᠷ ᠲᠦᠷᠦᠯ ᠵᠦᠢᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠵᠣᠯᠭᠠᠯᠴᠠᠭ᠎ᠠ ᠶᠢ ᠴᠢᠨᠠᠭᠰᠢᠳᠠ ᠰᠠᠶᠢᠲᠤᠷ ᠬᠢᠵᠦ᠂ ᠯᠢᠶᠠᠩᠴᠧᠩ ᠰᠢᠶᠠᠨ ᠤ ᠬᠢᠨ ᠲᠦᠷᠦᠯ ᠵᠦᠢᠯ ᠤᠨ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠦᠷᠦᠯ ᠵᠦᠢᠯ ᠤᠨ ᠳᠤᠬᠢᠷᠠᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠠᠬᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠪᠦᠳᠦᠬᠡᠨ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠳᠬᠡᠪᠡ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2